ᠡᠪ ᠬᠠᠮᠲᠤ ᠵᠠᠯᠠᠭᠤᠴᠤᠳ ᠤᠨ ᠡᠪᠯᠡᠯ ᠤᠨ ᠢᠦᠶ ᠴᠢᠤᠸᠠᠨ ᠲᠣᠭᠤᠷᠢᠭ ᠤᠨ ᠬᠤᠷᠢᠶ᠎ᠠ ︽ᠵᠠᠯᠠᠭᠤ ᠨᠠᠰᠤᠨ ᠳᠤ ᠪᠠᠨ ᠬᠠᠮᠲᠤ ᠶᠠᠪᠤᠵᠤ ᠰᠢᠯᠭᠠᠯᠲᠠ ᠳᠤ ᠬᠦᠴᠦ ᠨᠡᠮᠡᠷᠢᠯᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/8
     ᠵᠢᠯ ᠤᠨ ᠨᠢᠭᠡ ᠤᠳᠠᠭᠠᠨ ᠤ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠬᠦᠷᠴᠦ ᠢᠷᠡᠬᠦ ᠲᠠᠰᠢᠷᠠᠮ ᠳᠤ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠴᠢᠷᠮᠠᠶᠢᠨ ᠲᠠᠪᠰᠢᠬᠤ︾ ᠰᠠᠶᠢᠨ ᠳᠤᠷ᠎ᠠ ᠶᠢᠨ ᠠᠵᠢᠯᠯᠠᠭᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠯᠠᠭᠤ ᠨᠠᠰᠤᠨ ᠤ ᠢᠳᠡᠪᠬᠢ ᠬᠦᠴᠦᠨ ᠢ ᠤᠯᠠᠮᠵᠢᠯᠠᠵᠤ᠂ ᠥᠷᠭᠡᠨ ᠤᠯᠠᠨ ᠰᠢᠯᠭᠠᠭᠤᠯᠤᠭᠴᠢ ᠪᠣᠯᠤᠨ ᠭᠡᠷ ᠤᠨ ᠠᠬᠠᠮᠠᠳ ᠲᠤ ᠰᠠᠨᠠᠭ᠎ᠠ ᠠᠮᠤᠷ ᠰᠢᠯᠭᠠᠯᠲᠠ ᠶᠢᠨ ᠣᠷᠴᠢᠨ ᠨᠦᠭᠦᠴᠡᠯ ᠢ ᠪᠦᠷᠢᠯᠳᠦᠭᠦᠯᠵᠦ ᠥᠭᠬᠦ ᠶᠢᠨ ᠲᠥᠯᠥᠭᠡ᠂ 6 ᠰᠠᠷ᠎ᠠ ᠶᠢᠨ 7 ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠢᠦᠢ ᠴᠢᠤᠸᠠᠨ ᠲᠣᠭᠤᠷᠢᠭ ᠤᠨ ᠬᠤᠷᠢᠶ᠎ᠠ ᠠᠴᠠ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠬᠥᠬᠡᠬᠤᠲᠠ ᠶᠢᠨ ᠬᠤᠷᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ ︽ᠵᠠᠯᠠᠭᠤ ᠨᠠᠰᠤᠨ ᠳᠤ ᠪᠠᠨ ᠬᠠᠮᠲᠤ ᠶᠠᠪᠤᠵᠤ ᠰᠢᠯᠭᠠᠯᠲᠠ ᠳᠤ ᠬᠦᠴᠦ ᠨᠡᠮᠡᠷᠢᠯᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃
     ᠡᠪ ᠬᠠᠮᠲᠤ ᠵᠠᠯᠠᠭᠤᠴᠤᠳ ᠤᠨ ᠡᠪᠯᠡᠯ ᠤᠨ ᠢᠦᠶ ᠴᠢᠤᠸᠠᠨ ᠲᠣᠭᠤᠷᠢᠭ ᠤᠨ ᠬᠤᠷᠢᠶ᠎ᠠ ᠰᠢᠯᠭᠠᠯᠲᠠ ᠶᠢᠨ ᠴᠡᠭ ᠤᠨ ᠭᠠᠳᠠᠨ᠎ᠠ ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠤᠤᠭᠤᠬᠤ ᠤᠰᠤ᠂ ᠠᠮᠠᠪᠴᠢ᠂ ᠪᠢᠴᠢᠭ ᠤᠨ ᠬᠡᠷᠡᠭᠰᠡᠯ᠂ ᠵᠢᠵᠢᠭ ᠳᠡᠪᠢᠭᠦᠷ᠂ ᠡᠮ᠂ ᠰᠠᠨᠳᠠᠯᠢ ᠵᠡᠷᠭᠡ ᠡᠳ᠋ ᠪᠣᠳᠠᠰ ᠢ ᠪᠡᠯᠡᠳᠬᠡᠵᠦ᠂ ᠰᠢᠯᠭᠠᠭᠤᠯᠤᠭᠰᠠᠳ ᠤᠨ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠳᠤ ᠲᠥᠬᠦᠮ ᠦᠵᠡᠭᠦᠯᠬᠦ ᠶᠢᠨ ᠬᠠᠮᠲᠤ ᠲᠠᠯᠠᠪᠤᠷ ᠤᠨ ᠭᠠᠳᠠᠨ᠎ᠠ ᠬᠦᠯᠢᠶᠡᠵᠦ ᠪᠠᠶᠢᠭ᠎ᠠ ᠬᠡᠷ ᠤᠨ ᠠᠬᠠᠮᠠᠳ ᠲᠤ ᠠᠮᠠᠷᠠᠬᠤ᠂ ᠰᠡᠷᠢᠭᠦᠴᠡᠬᠦ ᠭᠠᠵᠠᠷ ᠬᠠᠩᠭᠠᠨ ᠥᠭᠴᠦ᠂ ᠲᠡᠳᠡᠨ ᠳᠤ ᠤᠤᠭᠤᠬᠤ ᠤᠰᠤ ᠬᠦᠷᠭᠡᠨ ᠥᠭᠴᠦ᠂ ᠲᠡᠳᠡᠨ ᠲᠠᠢ ᠵᠣᠭᠤᠭᠳᠠᠨ ᠰᠡᠳᠬᠢᠯ ᠰᠠᠨᠠᠭ᠎ᠠ ᠶᠢ ᠨᠢ ᠲᠠᠶᠢᠪᠤᠰᠢᠷᠠᠭᠤᠯᠪᠠ᠃
     ᠵᠠᠯᠭᠠᠭᠠᠳ᠂ ᠡᠪ ᠬᠠᠮᠲᠤ ᠵᠠᠯᠠᠭᠤᠴᠤᠳ ᠤᠨ ᠡᠪᠯᠡᠯ ᠤᠨ ᠢᠦᠶ ᠴᠢᠤᠸᠠᠨ ᠲᠣᠭᠤᠷᠢᠭ ᠤᠨ ᠬᠤᠷᠢᠶ᠎ᠠ ᠬᠦᠰᠡᠯ ᠡᠷᠡᠮᠡᠯᠵᠡᠯ ᠲᠠᠭᠯᠠᠬᠤ᠂ ᠲᠤᠰᠬᠠᠶ ᠮᠡᠷᠭᠡᠵᠢᠯ ᠤᠨ ᠰᠣᠩᠭᠤᠯᠲᠠ ᠬᠢᠬᠦ ᠵᠡᠷᠭᠡ ᠪᠠᠷ ᠭᠤᠤᠯᠯᠠᠭᠤᠯᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠤᠷᠤᠭᠴᠢᠳ ᠲᠤ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠬᠠᠩᠭᠠᠵᠤ᠂ ᠥᠷᠭᠡᠨ ᠣᠯᠠᠨ ᠰᠢᠯᠭᠠᠭᠤᠯᠤᠭᠴᠢ ᠪᠠ ᠬᠡᠷ ᠤᠨ ᠠᠬᠠᠮᠠᠳ ᠲᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ᠂ ᠲᠤᠰᠬᠠᠶ ᠮᠡᠷᠭᠡᠵᠢᠯ ᠤᠨ ᠬᠥᠭᠵᠢᠯᠲᠡ ᠶᠢᠨ ᠴᠢᠭᠯᠡᠯ ᠪᠠ ᠠᠵᠢᠯ ᠲᠥᠷᠥᠯ ᠤᠨ ᠬᠥᠭᠵᠢᠯᠲᠡ ᠶᠢᠨ ᠢᠷᠡᠭᠡᠳᠦᠶ ᠶᠢ ᠨᠠᠩ ᠰᠠᠶᠢᠨ ᠣᠶᠢᠯᠠᠭᠠᠭᠤᠯᠵᠤ᠂ ᠦᠶ ᠲᠦᠮᠡᠨ ᠰᠤᠷᠤᠭᠴᠢᠳ ᠤᠨ ᠬᠤᠪᠢ ᠬᠥᠮᠦᠨ ᠤ ᠬᠦᠰᠡᠯ ᠵᠡᠭᠦᠳᠦ ᠪᠠᠨ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠢᠷᠡᠭᠡᠳᠦᠶ ᠶᠢᠨ ᠡᠬᠡ ᠤᠯᠤᠰ ᠤᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠳᠤ ᠬᠦᠴᠦᠨ ᠴᠢᠳᠠᠯ ᠢᠶᠠᠨ ᠡᠷᠭᠦᠨ᠎ᠡ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号