ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠢᠦᠶ ᠴᠢᠤᠸᠠᠨ ᠤ ᠲᠤᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2023/6/8
     ᠪᠠᠰᠠ ᠨᠢᠭᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠦᠶ᠎ᠡ ᠳᠤ᠂ ᠥᠷᠭᠡᠨ ᠣᠯᠠᠨ ᠰᠢᠯᠭᠠᠭᠤᠯᠤᠭᠴᠢ ᠵᠢᠴᠢ ᠰᠢᠯᠭᠠᠭᠤᠯᠬᠤ ᠪᠠᠷ ᠬᠦᠷᠭᠡᠭᠰᠡᠨ ᠬᠡᠷ ᠤᠨ ᠠᠬᠠᠮᠠᠳ ᠲᠤ ᠴᠡᠪᠡᠷ ᠲᠠᠭᠠᠯᠠᠮᠵᠢᠲᠠᠶ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠠᠴᠠ ᠰᠢᠯᠭᠠᠯᠲᠠ ᠶᠢᠨ ᠲᠠᠯᠠᠪᠤᠷ ᠤᠨ ᠡᠷᠬᠢᠨ ᠲᠣᠭᠤᠷᠢᠨ ᠳᠤ ᠴᠢᠭᠯᠡᠭᠦᠯᠦᠨ ᠤᠷᠢᠳᠴᠢᠯᠠᠨ ᠪᠠᠶᠢᠷᠢᠯᠠᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠰᠢᠯᠢᠳᠡᠭᠵᠢᠭᠦᠯᠦᠨ ᠲᠣᠬᠢᠷᠠᠭᠤᠯᠵᠤ᠂ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠣᠷᠴᠢᠨ ᠠᠬᠤᠶ ᠶᠢᠨ ᠨᠠᠮ ᠵᠢᠮ ᠪᠥᠭᠡᠳ ᠠᠷᠢᠭᠤᠨ ᠴᠡᠪᠡᠷ ᠪᠠᠶᠢᠬᠤ ᠶᠢ ᠪᠠᠲᠤᠯᠠᠪᠠ᠃
     ᠬᠥᠬᠡᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠤᠨ ᠡᠭᠦᠳᠡᠨ ᠡᠮᠦᠨᠡᠬᠢ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠰᠢᠯᠭᠠᠭᠤᠯᠤᠭᠴᠢ ᠲᠠᠯᠠᠪᠠᠶ ᠳᠤ ᠣᠷᠣᠬᠤ ᠠᠴᠠ ᠡᠮᠦᠨ᠎ᠡ᠂ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠠᠴᠠ ᠮᠠᠰᠢᠨ ᠲᠡᠷᠭᠡ ᠪᠠᠷ ᠭᠤᠤᠯ ᠵᠠᠮ ᠢ ᠴᠡᠪᠡᠷᠯᠡᠨ ᠴᠡᠪᠡᠷᠯᠡᠵᠦ᠂ ᠮᠠᠨᠠᠨᠲᠤ ᠶᠡᠭᠡ ᠫᠤᠤ ᠶᠢᠨ ᠲᠡᠷᠭᠡ ᠪᠠᠷ ᠲᠣᠭᠤᠰᠣ ᠪᠠᠭᠤᠷᠠᠭᠤᠯᠬᠤ ᠠᠵᠢᠯ ᠬᠢᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠶᠠᠪᠠᠭᠠᠨ ᠵᠠᠮ ᠢ ᠴᠡᠪᠡᠷᠯᠡᠨ ᠠᠷᠢᠯᠭᠠᠵᠤ᠂ ᠵᠡᠭᠡᠯᠢ ᠭᠤᠳᠤᠮᠵᠢ ᠶᠢ ᠴᠡᠪᠡᠷ ᠲᠡᠭᠰᠢ᠂ ᠰᠡᠷᠢᠭᠦᠨ ᠲᠠᠭᠠᠯᠠᠮᠵᠢᠲᠠᠶ ᠪᠠᠶᠢᠯᠭᠠᠪᠠ᠃ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠪᠠ ᠬᠤᠷᠢᠨ ᠵᠢᠷᠭᠤᠳᠤᠭᠠᠷ ᠳᠤᠮᠳᠠᠳᠤ ᠰᠤᠷᠭᠠᠭᠤᠯᠢ ᠵᠡᠷᠭᠡ ᠰᠢᠯᠭᠠᠯᠲᠠ ᠶᠢᠨ ᠲᠣᠭᠤᠷᠢᠭ ᠤᠨ ᠡᠷᠬᠢᠨ ᠲᠣᠭᠤᠷᠢᠨ ᠳᠤ ︽ᠨᠢᠭᠡ ᠠᠵᠢᠯ ᠤᠨ ᠪᠠᠶᠢᠷᠢ ᠳᠤ ᠬᠤᠤᠰ ᠠᠩᠭᠢ︾ ᠶᠢᠨ ᠠᠵᠢᠯ ᠤᠨ ᠲᠦᠷᠢᠮ ᠢ ᠬᠡᠷᠡᠭᠵᠢᠭᠦᠯᠵᠦ᠂ ᠰᠢᠯᠭᠠᠯᠲᠠ ᠶᠢᠨ ᠴᠡᠭ ᠨᠢᠭᠡᠪᠦᠷᠢ ᠶᠢᠨ ᠡᠷᠬᠢᠨ ᠲᠣᠭᠤᠷᠢᠨ ᠳᠤ 5 — 7 ᠴᠡᠪᠡᠷᠯᠡᠭᠴᠢ ᠶᠢ ᠨᠡᠮᠡᠨ ᠲᠣᠮᠢᠯᠠᠵᠤ ᠲᠣᠭᠤᠷᠢᠨ ᠠᠵᠢᠯᠯᠠᠭᠤᠯᠵᠤ᠂ ᠲᠤᠬᠠᠶ ᠶᠢᠨ ᠲᠠᠯᠠᠪᠤᠷ ᠲᠤ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠵᠤ᠂ ᠰᠢᠯᠭᠠᠯᠲᠠ ᠶᠢᠨ ᠲᠠᠯᠠᠪᠤᠷ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠪᠡᠷ ᠲᠡᠭᠰᠢ ᠡᠮᠬᠢ ᠳᠢᠭᠯᠢᠮ ᠲᠠᠢ ᠪᠠᠶᠢᠬᠤ ᠶᠢ ᠪᠠᠲᠤᠯᠠᠭᠰᠠᠨ ᠮᠥᠷᠲᠡᠭᠡᠨ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠬᠡᠷ ᠪᠦᠯᠢ ᠨᠢᠭᠡᠪᠦᠷᠢ ᠳᠤ ᠭᠦᠨᠵᠡᠭᠡᠶᠢᠷᠡᠭᠦᠯᠦᠭᠰᠡᠨ ᠪᠠᠶᠢᠨ᠎ᠠ᠃
     ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠳᠤ ᠴᠢᠭᠯᠡᠭᠦᠯᠦᠨ᠂ ᠨᠡᠶᠢᠲᠡ ᠶᠢᠨ ᠵᠣᠷᠯᠣᠩ ᠤᠨ ᠪᠡᠯᠡᠳᠬᠡᠮᠵᠢ ᠶᠢ ᠤᠷᠢᠳᠴᠢᠯᠠᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠵᠠᠰᠠᠵᠤ᠂ ᠠᠷᠢᠭᠤᠨ ᠴᠡᠪᠡᠷ᠂ ᠠᠷᠢᠭᠤᠳᠬᠠᠬᠤ ᠪᠠ ᠪᠡᠯᠡᠳᠬᠡᠮᠵᠢ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠨᠡᠶᠢᠲᠡ ᠶᠢᠨ ᠵᠣᠷᠯᠣᠩ ᠤᠨ ᠬᠡᠪ ᠤᠨ ᠨᠡᠭᠡᠭᠡᠯᠲᠡ ᠲᠠᠢ ᠪᠠᠶᠢᠬᠤ ᠶᠢ ᠦᠨᠡᠨᠬᠦ ᠪᠠᠲᠤᠯᠠᠪᠠ᠃
     ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂  ᠲᠤᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠣᠯᠠᠨ  ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠤᠷᠢᠳᠴᠢᠯᠠᠨ ᠠᠷᠭ᠎ᠠ ᠰᠦᠪᠡᠭᠴᠢᠯᠡᠵᠦ᠂ ᠥᠷᠭᠡᠨ ᠣᠯᠠᠨ ᠰᠢᠯᠭᠠᠭᠤᠯᠤᠭᠴᠢ ᠳᠤ ᠬᠠᠮᠢᠶ᠎ᠠ ᠪᠥᠬᠦᠶ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠬᠠᠮᠠᠭᠠᠯᠠᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号