ᠢᠦᠶ ᠴᠢᠤᠸᠠᠨ ᠲᠣᠭᠤᠷᠢᠭ᠄ ︽ᠱᠣᠣᠮᠠᠶ ᠠᠮᠲᠠᠲᠤ ᠢᠳᠡᠭᠡᠨ ᠤ ᠵᠡᠭᠡᠯᠢ︾ ᠶᠢ ᠴᠡᠭᠴᠡᠯᠡᠨ ᠵᠠᠰᠠᠵᠤ  ᠦᠭᠡᠷᠡᠴᠢᠯᠡᠨ ᠣᠯᠠᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠵᠡᠭᠡᠯᠢ ᠲᠣᠭᠤᠷᠢᠭ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2023/6/9
     ᠱᠣᠣᠮᠠᠢ ᠶᠢᠨ ᠵᠡᠭᠡᠯᠢ ᠶᠢᠨ ᠦᠵᠡᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ᠂ ᠥᠪᠡᠷᠮᠢᠴᠡ ᠣᠨᠴᠠᠯᠢᠭ ᠲᠠᠢ ᠢᠳᠡᠭᠡᠨ ᠤᠮᠳᠠᠭᠠᠨ᠂ ᠵᠤᠭᠠᠴᠠᠯ ᠤᠨ ᠦᠵᠡᠮᠵᠢ ᠶᠢᠨ  ᠱᠤᠭᠤᠮ ᠢ ᠪᠠᠶᠢᠭᠤᠯᠵᠤ᠂ ᠡᠨᠡ ᠵᠢᠯ ᠢᠦᠢ ᠴᠢᠤᠸᠠᠨ ᠲᠣᠭᠤᠷᠢᠭ ᠤᠨ ᠬᠢᠨ ᠠᠳᠡᠬᠢ ᠵᠡᠭᠡᠯᠢ ᠶᠢᠨ ᠦᠵᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠪᠡ᠃
     ᠣᠶᠢᠷ᠎ᠠ ᠳᠤ᠂ ᠰᠤᠷᠪᠤᠯᠵᠢᠯᠠᠭᠴᠢ ᠥᠭᠡᠷᠡᠴᠢᠯᠡᠯᠲᠡ ᠶᠢᠨ ᠲᠤᠬᠠᠶ ᠶᠢᠨ ᠲᠠᠯᠠᠪᠤᠷ ᠲᠤ ᠣᠯᠵᠤ ᠦᠵᠡᠭᠰᠡᠨ ᠨᠢ᠂ ᠪᠠᠷᠢᠯᠭ᠎ᠠ ᠶᠢᠨ ᠠᠵᠢᠯᠲᠠᠳ ᠶᠠᠭ ᠤᠲᠠᠰᠤ ᠳᠡᠭᠡᠰᠦ ᠶᠢ ᠭᠠᠵᠠᠷ ᠲᠤ ᠣᠷᠣᠭᠤᠯᠬᠤ ᠪᠠ ᠤᠭᠰᠠᠷᠠᠬᠤ ᠬᠠᠶᠢᠷᠴᠠᠭ ᠢ ᠬᠤᠪᠢᠷᠠᠭᠤᠯᠬᠤ ᠠᠵᠢᠯ ᠢ ᠬᠢᠵᠦ ᠪᠠᠶᠢᠨ᠎ᠠ᠃ ᠲᠤᠬᠠᠶ ᠶᠢᠨ ᠲᠠᠯᠠᠪᠤᠷ ᠤᠨ ᠲᠥᠷᠥᠯ ᠵᠦᠢᠯ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ︽ᠱᠣᠣᠮᠠᠶ ᠠᠮᠲᠠᠲᠤ ᠢᠳᠡᠭᠡᠨ ᠤ ᠵᠡᠭᠡᠯᠢ︾ ᠪᠣᠯ 2016 ᠣᠨ ᠳᠤ ᠪᠠᠶᠢᠭᠤᠯᠤᠭᠰᠠᠨ ᠳᠤᠮᠳᠠᠳᠤ ᠤᠯᠤᠰ ᠤᠨ ᠱᠣᠣᠮᠠᠶ ᠠᠮᠲᠠᠲᠤ ᠢᠳᠡᠭᠡᠨ ᠤ ᠥᠯᠢᠭᠡᠷ ᠬᠡᠪ ᠵᠡᠭᠡᠯᠢ ᠪᠣᠯᠤᠨ᠎ᠠ᠂ ᠬᠤᠶᠠᠷ ᠲᠠᠯ᠎ᠠ ᠶᠢᠨ ᠶᠠᠪᠠᠭᠠᠨ ᠬᠥᠮᠦᠨ ᠤ ᠵᠠᠮ ᠪᠠ ᠲᠡᠷᠭᠡ ᠵᠣᠭᠰᠣᠬᠤ ᠪᠠᠶᠢᠷᠢ ᠶᠢ ᠵᠠᠭᠠᠭᠯᠠᠨ ᠲᠣᠭᠲᠠᠭᠠᠭᠰᠠᠨ ᠠᠴᠠ ᠪᠣᠯᠵᠣ᠂ ᠲᠡᠷᠭᠡ ᠤᠨᠤᠭ᠎ᠠ ᠵᠤᠭᠰᠤᠨ ᠲᠣᠭᠤᠰᠬᠠᠨ ᠭᠠᠳᠠᠷᠭᠤ ᠶᠢ ᠡᠪᠳᠡᠨ ᠰᠦᠢᠳᠭᠡᠵᠦ᠂ ᠵᠡᠭᠡᠯᠢ ᠭᠤᠳᠤᠮᠵᠢ ᠶᠢᠨ ᠬᠤᠶᠠᠷ ᠲᠠᠯ᠎ᠠ ᠶᠢᠨ ᠢᠳᠡᠭᠡᠨ ᠤᠮᠳᠠᠭᠠᠨ ᠤ ᠳᠡᠯᠭᠡᠭᠦᠷ ᠣᠯᠠᠨ ᠪᠠᠶᠢᠵᠤ᠂ ᠬᠦᠨᠳᠦ ᠨᠣᠴᠢᠲᠠᠶ ᠭᠬᠢᠷᠲᠦᠵᠡᠶ᠃ ᠡᠷᠬᠢᠨ ᠲᠣᠭᠤᠷᠢᠨ ᠤ ᠰᠠᠭᠤᠭᠠᠯᠢ ᠠᠷᠠᠳ ᠵᠢᠴᠢ ᠬᠤᠳᠠᠯᠳᠤᠭᠠᠨ ᠤ ᠡᠷᠦᠬᠡ ᠳᠤ ᠤᠯᠠᠮ ᠨᠢᠭᠡ ᠠᠯᠬᠤᠮ ᠲᠥᠬᠦᠮ ᠦᠵᠡᠭᠦᠯᠬᠦ ᠶᠢᠨ ᠲᠦᠯᠦᠭᠡ᠂ ᠪᠦᠬᠦ᠋ᠢᠯᠡ ᠵᠡᠭᠡᠯᠢ ᠭᠤᠳᠤᠮᠵᠢ ᠶᠢᠨ ᠳᠦᠷᠢ ᠲᠥᠷᠬᠦ ᠶᠢ ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢ ᠡᠬᠢᠯᠡᠨ ᠵᠠᠰᠠᠵᠤ  ᠦᠭᠡᠷᠡᠴᠢᠯᠡᠪᠡ᠃
     ᠠᠮᠲᠠᠲᠤ ᠢᠳᠡᠭᠡᠨ ᠤ ᠵᠡᠭᠡᠯᠢ ᠶᠢᠨ ᠦᠵᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠨᠢ ᠰᠢᠩ ᠱᠧᠩ ᠭᠤᠳᠤᠮᠵᠢ ᠠᠴᠠ ᠱᠢ ᠶᠠᠩ ᠴᠢᠶᠣᠤ ᠵᠠᠮ ᠬᠦᠷᠲᠡᠯ᠎ᠡ᠂ ᠪᠠᠷᠤᠭ 770 ᠮᠧᠲᠷ ᠣᠷᠳᠣ ᠪᠠᠶᠢᠵᠤ᠂ ᠥᠭᠡᠷᠡᠴᠢᠯᠡᠭᠰᠡᠨ ᠤ ᠳᠠᠷᠠᠭ᠎ᠠ ᠴᠢᠩᠭ᠎ᠠ ᠪᠠᠭᠤᠷᠠᠶ ᠴᠠᠬᠢᠯᠭᠠᠨ ᠤᠲᠠᠰᠤ ᠲᠠᠲᠠᠯᠭ᠎ᠠ ᠶᠢᠨ ᠣᠭᠲᠠᠷᠭᠤᠶ ᠳᠠᠬᠢ ᠡᠯᠭᠦᠭᠳᠡᠬᠦ ᠪᠠᠶᠢᠳᠠᠯ ᠢ ᠲᠦᠢᠯᠪᠤᠷᠢᠲᠠᠶ ᠬᠤᠪᠢᠷᠠᠭᠤᠯᠵᠤ᠂ ᠵᠡᠭᠡᠯᠢ ᠶᠢᠨ ᠦᠵᠡᠮᠵᠢ ᠶᠢ ᠲᠡᠷᠢ ᠲᠡᠭᠰᠢ᠂ ᠡᠮᠬᠢ ᠵᠢᠷᠤᠮ ᠲᠠᠢ᠂ ᠭᠤᠶᠤ  ᠦᠵᠡᠮᠵᠢᠲᠦ ᠦᠷ᠎ᠡ ᠳ᠋ᠦᠩ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号