ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ ᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2023/7/10
     ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠦᠯᠦᠭᠡ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠥᠪᠡᠷ ᠢ ᠪᠠᠨ ᠠᠪᠤᠷᠬᠠᠤ ᠴᠢᠳᠠᠪᠤᠷᠢ ᠶᠢ ᠨᠡᠮᠡᠭᠳᠡᠭᠦᠯᠦᠨ᠂ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠤᠯᠭᠠᠵᠤ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ ᠤᠨ ᠣᠨᠴᠠ ᠤᠷᠢᠭᠰᠠᠨ ᠭᠠᠯ ᠤᠨᠲᠠᠷᠠᠭᠠᠬᠤ ᠯᠧᠺᠲ᠋ᠣᠷ ᠬᠤᠶᠠᠳᠤᠭᠠᠷ ᠳᠠᠪᠬᠤᠷᠯᠢᠭ ᠤᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠲᠠᠰᠤᠭ ᠲᠤ ᠬᠦᠷᠴᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠥᠷᠨᠢᠭᠦᠯᠪᠡ᠃
     ᠲᠠᠶᠢᠯᠤᠮᠵᠢ ᠳᠡᠭᠡᠷ᠎ᠡ᠂ ᠯᠧᠺᠲ᠋ᠣᠷ ᠰᠠᠭᠤᠭᠠᠯᠢ ᠠᠷᠠᠳ ᠲᠤ ᠭᠠᠯ ᠤᠨᠲᠠᠷᠠᠭᠠᠬᠤ ᠣᠬᠤᠷ ᠹᠢᠯᠢᠮ ᠪᠣᠯᠤᠨ PPT ᠦᠵᠡᠭᠦᠯᠵᠦ᠂ ᠶᠡᠭᠡ ᠬᠡᠮᠵᠢᠶᠡᠨ ᠤ ᠪᠣᠳᠠᠲᠤ ᠬᠡᠷᠡᠭ ᠤᠨ ᠵᠢᠱᠢᠶ᠎ᠡ ᠶᠢ ᠡᠰᠢᠯᠡᠵᠦ᠂ ᠣᠯᠠᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠢ ᠲᠠᠶᠢᠯᠪᠤᠷᠢᠯᠠᠨ ᠥᠭᠴᠦ᠂ ᠭᠠᠯ ᠤᠨ ᠭᠠᠮᠰᠢᠭ ᠢ ᠰᠡᠷᠭᠡᠶᠢᠯᠡᠬᠦ᠂ ᠭᠠᠯ ᠤᠨᠲᠠᠷᠠᠭᠠᠬᠤ᠂ ᠥᠪᠡᠷ ᠢ ᠪᠠᠨ ᠠᠪᠤᠷᠬᠠᠤ ᠮᠡᠳᠡᠯᠭᠡ ᠴᠢᠳᠠᠪᠤᠷᠢ ᠶᠢᠨ ᠲᠣᠭᠤᠷᠢᠨ ᠳᠤ ᠪᠥᠬᠦ ᠲᠠᠯ᠎ᠠ ᠶᠢᠨ ᠲᠠᠶᠢᠯᠤᠮᠵᠢ ᠬᠢᠵᠦ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠦᠶ᠎ᠡ ᠳᠤ ᠣᠷᠣᠰᠢᠵᠤ ᠪᠠᠶᠢᠭᠰᠠᠨ ᠠᠳᠡᠭᠦᠷᠡᠯ ᠢ ᠭᠤᠤᠯᠳᠠᠯᠭ᠎ᠠ ᠲᠠᠢ ᠲᠠᠶᠢᠯᠪᠤᠷᠢᠯᠠᠬᠤ ᠶᠢᠨ ᠬᠠᠮᠲᠤ ᠭᠠᠯ ᠤᠨᠲᠠᠷᠠᠭᠠᠭᠤᠷ᠂ ᠬᠤᠤᠷ ᠰᠡᠷᠭᠡᠶᠢᠯᠡᠬᠦ ᠪᠠᠭ᠂ ᠭᠠᠯ ᠤᠨᠲᠠᠷᠠᠭᠠᠬᠤ ᠲᠠᠩᠽᠢ᠂ ᠭᠠᠯ ᠤᠨᠲᠠᠷᠠᠭᠠᠬᠤ ᠠᠦ᠋ᠲ᠋ᠣ᠋ ᠲᠣᠨᠣᠭᠯᠠᠯ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢ ᠨᠠᠷᠢᠨ ᠨᠢᠮᠪᠠᠶ ᠵᠢᠭᠠᠨ ᠵᠢᠯᠣᠭᠤᠳᠪᠠ᠃
     ᠲᠤᠰ ᠤᠳᠠᠭᠠᠨ ᠤ ᠲᠠᠶᠢᠯᠤᠮᠵᠢ ᠠᠮᠢᠳᠤᠯᠢᠭ ᠳᠦᠷᠰᠦᠯᠢᠭ᠂ ᠬᠢᠯᠪᠠᠷ ᠣᠶᠢᠯᠠᠭᠠᠮᠵᠢᠲᠠᠶ᠂ ᠠᠵᠢᠯ ᠠᠮᠢᠳᠤᠷᠠᠯ ᠳᠤ ᠣᠶᠢᠷᠠᠳᠴᠤ᠂ ᠬᠠᠷᠢᠯᠴᠠᠨ ᠬᠥᠳᠡᠯᠦᠯᠴᠡᠬᠦ ᠴᠢᠨᠠᠷ ᠢᠶᠠᠷ ᠴᠢᠩᠭ᠎ᠠ ᠪᠠᠶᠢᠵᠤ᠂ ᠰᠠᠭᠤᠭᠠᠯᠢ ᠠᠷᠠᠳ ᠤᠨ ᠡᠳᠦᠷ ᠲᠤᠳᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠮᠡᠳᠡᠯᠭᠡ ᠶᠢ ᠣᠶᠢᠯᠠᠭᠠᠬᠤ ᠪᠠ ᠡᠵᠡᠮᠰᠢᠬᠦ ᠶᠢ ᠭᠦᠨᠵᠡᠭᠡᠶᠢᠷᠡᠭᠦᠯᠵᠦ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠪᠣᠯᠤᠨ ᠥᠪᠡᠷ ᠢᠶᠠᠨ ᠰᠡᠷᠭᠡᠶᠢᠯᠡᠬᠦ ᠦᠵᠡᠯ ᠤᠬᠠᠮᠰᠠᠷ ᠢ ᠪᠦᠲᠦᠮᠵᠢᠲᠡᠶ ᠪᠠᠷ ᠨᠡᠮᠡᠭᠳᠡᠭᠦᠯᠦᠨ᠂ ᠰᠠᠭᠤᠭᠠᠯᠢ ᠠᠷᠠᠳ ᠤᠨ ᠭᠠᠯ ᠤᠨ ᠠᠶᠤᠯ ᠢ ᠰᠢᠢᠳᠪᠦᠷᠢᠯᠡᠬᠦ ᠴᠢᠳᠠᠪᠤᠷᠢ ᠪᠣᠯᠤᠨ ᠠᠮᠢ ᠵᠢᠭᠤᠲᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠭᠡᠷ ᠪᠣᠯᠭᠠᠨ ᠭᠠᠯ ᠤᠨᠲᠠᠷᠠᠭᠠᠬᠤ ᠶᠢ ᠴᠢᠬᠤᠯᠠᠴᠢᠯᠠᠬᠤ᠂ ᠬᠥᠮᠦᠨ ᠪᠣᠯᠭᠠᠨ ᠭᠠᠯ ᠤᠨᠲᠠᠷᠠᠭᠠᠬᠤ ᠠᠵᠢᠯ ᠳᠤ ᠢᠳᠡᠪᠬᠢᠲᠡᠶ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠱᠢ ᠳ᠋ᠦᠩ ᠵᠡᠭᠡᠯᠢ ᠶᠢᠨ ᠶᠢᠩ ᠴᠦᠨ ᠨᠡᠶᠢᠭᠡᠮ ᠲᠣᠭᠤᠷᠢᠭ ᠤᠨ ᠬᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ᠂ ᠥᠪᠡᠷ ᠢ ᠪᠠᠨ ᠠᠪᠤᠷᠠᠬᠤ ᠪᠠ ᠠᠮᠢ ᠵᠢᠭᠤᠲᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠠᠷᠠᠳ ᠲᠤ ᠦᠢᠯᠡᠴᠢᠯᠡᠬᠦ᠂ ᠠᠷᠠᠳ ᠲᠤ ᠲᠥᠬᠦᠮ ᠦᠵᠡᠭᠦᠯᠬᠦ᠂ ᠠᠷᠠᠳ ᠢ ᠠᠮᠤᠷᠵᠢᠭᠤᠯᠬᠤ︾ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号