ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠳᠤ ︽ᠬᠥᠮᠦᠨ ᠪᠣᠯᠭᠠᠨ ᠠᠮᠤᠷ ᠲᠦᠪᠰᠢᠨ ᠢ ᠡᠷᠬᠢᠮᠯᠡᠵᠦ  ᠬᠦᠮᠦᠨ ᠪᠤᠯᠭᠠᠨ ᠪᠠᠴᠢᠮ ᠪᠠᠶᠢᠳᠠᠯ ᠢ ᠠᠷᠭᠠᠴᠠᠭᠠᠬᠤ︾ ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/10
     ᠠᠶᠤᠯᠭᠦᠢ ᠦᠢᠯᠡᠳᠪᠦᠷᠢᠯᠡᠯ ᠨᠢ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠠᠵᠤ ᠠᠬᠤᠢ ᠶᠢᠨ ᠬᠥᠭᠵᠢᠯᠲᠡ ᠪᠣᠯᠤᠨ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠲᠠᠢ ᠬᠤᠯᠪᠣᠭᠳᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠲᠠᠶᠢᠱᠠᠨ ᠠᠭᠤᠯᠠ ᠮᠡᠲᠦ ᠬᠦᠨᠳᠦ ᠪᠠᠶᠢᠵᠤ᠂ ᠡᠨᠡ ᠵᠢᠯ ᠤᠨ 6 ᠰᠠᠷ᠎ᠠ ᠪᠣᠯ 22 ᠳ᠋ᠤᠭᠠᠷ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠂ ᠤᠢᠢᠷ᠎ᠠ ᠶᠢᠨ ᠬᠤᠭᠤᠴᠠᠭᠠᠨ ᠳᠤ᠂ ᠢᠦᠢ ᠴᠢᠤᠸᠠᠨ ᠲᠣᠭᠤᠷᠢᠭ ᠤᠨ ᠵᠤᠤ ᠵᠢᠶᠦ᠋ᠨ ᠵᠠᠮ ᠤᠨ ᠵᠡᠭᠡᠯᠢ ᠭᠤᠳᠤᠮᠵᠢ ᠳᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ ᠬᠦᠮᠦᠨ ᠪᠤᠯᠭᠠᠨ ᠪᠠᠴᠢᠮ ᠪᠠᠶᠢᠳᠠᠯ ᠢ ᠠᠷᠭᠠᠴᠠᠭᠠᠬᠤ︾ ᠭᠤᠣᠯ ᠰᠡᠳᠦᠪᠲᠦ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠠᠵᠢᠯᠯᠠᠭ᠎ᠠ ᠥᠷᠨᠢᠭᠦᠯᠵᠡᠢ᠃
     ᠡᠨᠡ ᠵᠢᠯ ᠤᠨ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠬᠤ ᠶᠢᠨ ᠲᠥᠯᠥᠭᠡ᠂ ᠵᠤᠤ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠢᠨ ᠭᠤᠷᠪᠠᠨ ᠤᠳᠠᠭᠠᠨ ᠤ ᠲᠤᠰᠬᠠᠢ ᠰᠡᠳᠦᠪᠲᠦ ᠲᠤᠬᠢᠷᠠᠭᠤᠯᠤᠯᠲᠠ ᠶᠢᠨ ᠬᠤᠷᠠᠯ ᠢ ᠲᠥᠪᠯᠡᠷᠡᠭᠦᠯᠦᠨ ᠥᠷᠨᠢᠭᠦᠯᠵᠦ᠂ ᠬᠠᠷᠢᠶ᠎ᠠ ᠣᠷᠣᠨ ᠳᠠᠭᠠᠨ ᠤᠯᠠᠨ ᠤᠳᠠᠭ᠎ᠠ ᠶᠢᠨ ᠶᠡᠭᠡ ᠬᠡᠪᠴᠢᠶᠡᠨ ᠤ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠥᠷᠨᠢᠭᠦᠯᠵᠡᠢ᠃ ᠡᠭᠦᠨ ᠤ ᠬᠠᠮᠲᠤ᠂ ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ᠠᠵᠢᠯᠯᠠᠭ᠎ᠠ ᠶᠢᠨ ᠥᠨᠳᠥᠷ ᠪᠦᠲᠦᠮᠵᠢᠲᠡᠶ ᠦᠷᠨᠢᠭᠦᠯᠬᠦ ᠶᠢ ᠪᠠᠲᠤᠯᠠᠬᠤ ᠶᠢᠨ ᠲᠥᠯᠥᠭᠡ᠂ ᠡᠯ᠎ᠡ ᠲᠣᠰᠬᠤᠨ ᠤ ᠰᠠᠭᠤᠭᠠᠯᠢ ᠠᠷᠠᠳ ᠤᠨ ᠱᠦᠵᠢ᠂ ᠮᠡᠳᠡᠭᠡ ᠵᠠᠩᠭᠢᠴᠢ᠂ ᠰᠦᠯᠵᠢᠶᠡᠨ ᠤ ᠲᠠᠰᠤᠯᠤᠭᠴᠢ ᠳᠤ ᠰᠢᠲᠠᠮᠠᠬᠠᠶ ᠬᠡᠶ᠂ ᠭᠠᠯ ᠤᠨᠲᠠᠷᠠᠭᠠᠬᠤ ᠵᠠᠮ᠂ ᠥᠪᠡᠰᠦᠪᠡᠨ ᠬᠡᠷ ᠪᠠᠷᠢᠬᠤ ᠵᠡᠷᠭᠡ ᠣᠯᠠᠨ ᠲᠠᠯ᠎ᠠ ᠶᠢᠨ ᠪᠣᠯᠪᠠᠰᠤᠷᠠᠭᠤᠯᠤᠯ ᠬᠢᠬᠦ ᠶᠢᠨ ᠬᠠᠮᠲᠤ ᠡᠯ᠎ᠡ ᠲᠣᠰᠬᠤᠨ ᠤ ᠰᠠᠭᠤᠭᠠᠯᠢ ᠠᠷᠠᠳ ᠲᠤ ᠭᠤᠤᠯ ᠰᠡᠳᠦᠪ ᠢᠶᠠᠷ ᠪᠠᠶᠠᠯᠢᠭ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠶᠢ ᠱᠠᠭᠠᠷᠳᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠢ ᠢᠳᠡᠪᠬᠢᠲᠡᠶ ᠳᠠᠶᠢᠴᠢᠯᠠᠨ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ ᠭᠡᠵᠡᠢ᠃
     ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠢᠨ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠲᠣᠰᠬᠤᠨ ᠳᠤ ᠰᠠᠭᠤᠭ᠎ᠠ ᠬᠥᠮᠦᠰ ᠤᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ᠂ ᠭᠠᠯ ᠤᠨᠲᠠᠷᠠᠭᠠᠬᠤ ᠪᠡᠯᠡᠳᠬᠡᠮᠵᠢ᠂ ᠪᠠᠷᠢᠯᠭ᠎ᠠ ᠶᠢᠨ ᠠᠵᠢᠯ᠂ ᠥᠪᠡᠷ ᠢᠶᠠᠨ ᠬᠡᠷ ᠪᠠᠷᠢᠬᠤ ᠠᠮᠤᠷ ᠲᠦᠪᠰᠢᠨ ᠤ ᠬᠡᠮ ᠰᠣᠭᠤᠭ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠥᠪᠡᠷ ᠢᠶᠠᠨ ᠪᠠᠶᠢᠴᠠᠭᠠᠬᠤ᠂ ᠲᠣᠰᠬᠤᠨ ᠤ ᠣᠷᠣᠨ ᠰᠠᠭᠤᠴᠠ ᠶᠢ ᠤᠶᠢᠯᠠᠭᠠᠨ ᠪᠠᠶᠢᠴᠠᠭᠠᠬᠤ᠂ ᠵᠡᠭᠡᠯᠢ ᠭᠤᠳᠤᠮᠵᠢ ᠶᠢᠨ ᠪᠠᠶᠢᠴᠠᠭᠠᠯᠲᠠ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠯᠳᠠ ᠬᠡᠮ ᠢ ᠵᠡᠷᠭᠡ ᠳᠤᠨᠢ ᠵᠢᠭᠰᠠᠭᠠᠨ ᠪᠠᠶᠢᠴᠠᠭᠠᠬᠤ ᠶᠢᠨ ᠬᠠᠮᠲᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠮᠡᠳᠡᠭᠡ ᠵᠠᠩᠭᠢ ᠶᠢ ᠡᠳᠦᠷ ᠤᠨ ᠰᠣᠨᠢᠨ᠂ ᠡᠬᠡ ᠲᠠᠩᠰᠠ ᠶᠢᠨ ᠰᠠᠷ᠎ᠠ ᠶᠢᠨ ᠮᠡᠳᠡᠭᠦᠯᠬᠦ ᠲᠣᠭᠲᠠᠴᠠ ᠶᠢ ᠬᠡᠷᠡᠭᠵᠢᠭᠦᠯᠪᠡ᠃
     ᠳᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠣᠣ ᠵᠢᠶᠦ᠋ᠨ ᠵᠠᠮ ᠤᠨ ᠵᠡᠭᠡᠯᠢ ᠭᠤᠲᠤᠮᠵᠢ ᠶᠢᠨ ᠬᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠦᠭᠡᠶ ᠲᠡᠭᠦᠯᠳᠡᠷᠵᠢᠭᠦᠯᠵᠦ᠂ ᠡᠯ᠎ᠡ ᠬᠠᠷᠢᠶ᠎ᠠ ᠣᠷᠣᠨ ᠤ ᠠᠵᠢᠯᠲᠠᠳ ᠢ ᠦᠷᠭᠦᠯᠵᠢᠯᠡᠨ ᠵᠣᠬᠢᠶᠠᠨ ᠪᠠᠶᠢᠭᠤᠯᠤᠨ ᠤᠷᠢᠶ᠎ᠠ ᠯᠣᠽᠦ᠋ᠩ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠢᠴᠢ ᠡᠷᠥᠭᠡ ᠳᠤ ᠬᠦᠷᠴᠦ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢ ᠶᠡᠬᠡᠪᠡᠷ ᠤᠬᠠᠭᠤᠯᠤᠨ ᠲᠦᠭᠡᠮᠡᠯᠵᠢᠭᠦᠯᠬᠦ ᠶᠢᠨ ᠵᠡᠷᠭᠡᠴᠡᠪᠡᠷ ᠲᠣᠭᠤᠷᠢᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠦᠨ᠂ ᠠᠮᠤᠷ ᠲᠦᠪᠰᠢᠨ ᠤ ᠲᠠᠯᠳᠠ ᠭᠡᠮ ᠢ ᠣᠯᠵᠤ ᠮᠡᠳᠡᠪᠡᠯ ᠳᠠᠷᠦ᠋ᠢᠬᠠᠨ  ᠰᠢᠢᠳᠪᠦᠷᠢᠯᠡᠵᠦ᠂ ᠬᠠᠷᠢᠶ᠎ᠠ ᠣᠷᠣᠨ ᠤ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号