ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠡᠭᠦᠳᠡᠯ ᠳᠡᠯᠭᠡᠭᠦᠷᠴᠢᠨ ᠤ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠪᠠ
ᠨᠡᠶᠢᠲᠡᠯᠡᠭᠰᠡᠨ ᠴᠠᠭ᠄
2023/7/10
     ᠣᠶᠢᠷ᠎ᠠ ᠳᠤ ᠵᠣᠣ ᠵᠢᠶᠦ᠋ᠨ ᠵᠠᠮ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠡᠤ ᠯᠢ ᠶᠢᠩ ᠶᠡᠭᠡ ᠠᠩᠭᠢ ᠬᠤᠲᠠ ᠶᠢᠨ ᠠᠷᠠᠳ ᠤᠨ ᠲᠤᠰᠬᠠᠭᠰᠠᠨ ᠢᠶᠠᠷ᠂ ᠢᠦᠶ ᠴᠢᠤᠸᠠᠨ ᠲᠣᠭᠤᠷᠢᠭ ᠤᠨ ᠪᠤᠭᠤᠲᠤ ᠶᠡᠭᠡ ᠵᠡᠭᠡᠯᠢ ᠪᠣᠯᠤᠨ ᠰᠢᠯᠢ ᠶᠢᠨ ᠡᠮᠦᠨ᠎ᠡ ᠵᠠᠮ ᠤᠨ ᠠᠭᠤᠯᠵᠠᠷ ᠤᠨ ᠪᠠᠷᠠᠭᠤᠨ ᠬᠤᠶᠢᠲᠤ ᠥᠨᠴᠥᠭ ᠲᠤ ᠨᠡᠭᠦᠳᠡᠯ ᠳᠡᠯᠭᠡᠭᠦᠷᠴᠢᠨ ᠡᠳᠦᠷ ᠪᠦᠷᠢ ᠵᠠᠮ ᠡᠵᠡᠯᠡᠨ ᠡᠵᠡᠩᠨᠡᠵᠦ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠬᠡᠪ ᠤᠨ ᠶᠣᠰᠣᠭᠠᠷ ᠶᠠᠪᠤᠵᠤ ᠰᠠᠭᠤᠬᠤ ᠶᠢ ᠨᠥᠯᠥᠭᠡᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠵᠠᠮ ᠡᠵᠡᠯᠡᠨ ᠡᠵᠡᠩᠨᠡᠬᠦ ᠠᠰᠠᠭᠤᠳᠠᠯ ᠢ ᠲᠦᠷᠭᠡᠨ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃
     ᠵᠠᠭᠠᠯᠳᠤᠯᠭ᠎ᠠ ᠶᠢ ᠣᠯᠤᠭᠰᠠᠨ ᠤ ᠳᠠᠷᠠᠭ᠎ᠠ᠂ ᠦ᠋ ᠯᠢ ᠶᠢᠩ ᠶᠡᠭᠡ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠵᠠᠰᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠶᠠᠪᠤᠬᠤ ᠶᠢᠨ ᠳᠠᠭᠠᠤ ᠪᠠᠶᠢᠴᠠᠭᠠᠵᠤ᠂ ᠵᠠᠮ ᠡᠵᠡᠯᠡᠨ ᠡᠵᠡᠩᠨᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠲᠡᠳᠡᠨ ᠢ ᠡᠵᠡᠩᠨᠡᠯᠲᠡ ᠶᠢᠨ ᠠᠵᠢᠯᠯᠠᠭ᠎ᠠ ᠶᠢ ᠨᠢ ᠵᠣᠭᠰᠣᠭᠠᠬᠤ ᠶᠢ ᠱᠠᠭᠠᠷᠳᠠᠬᠤ ᠶᠢᠨ ᠬᠠᠮᠲᠤ᠂ ᠳᠡᠯᠭᠡᠭᠦᠷᠴᠢᠨ ᠢ ᠢᠳᠬᠠᠨ ᠰᠤᠷᠭᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠲᠣᠭᠲᠠᠭᠠᠯ ᠢ ᠲᠠᠶᠢᠯᠪᠤᠷᠢᠯᠠᠨ᠎ᠠ︔ ᠢᠳᠬᠠᠨ  ᠶᠠᠪᠤᠭᠤᠯᠬᠤ ᠶᠠᠪᠤᠴᠠ ᠳᠤ᠂ ᠳᠡᠯᠭᠡᠭᠦᠷᠴᠢᠨ ᠢ ᠬᠠᠪᠰᠤᠷᠤᠨ ᠲᠣᠮᠣ ᠬᠡᠯᠪᠡᠷᠢ ᠶᠢᠨ ᠡᠵᠡᠩᠨᠡᠯᠲᠡ ᠶᠢᠨ ᠪᠠᠭᠠᠵᠢ ᠬᠡᠷᠡᠭᠰᠡᠯ ᠢ ᠨᠡᠭᠦᠯᠭᠡᠬᠦ ᠶᠢᠨ ᠬᠠᠮᠲᠤ ᠨᠡᠭᠦᠳᠡᠯ ᠳᠡᠯᠭᠡᠭᠦᠷ ᠤᠨ ᠴᠡᠭ ᠢ ᠬᠥᠲᠥᠯᠥᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠣᠶᠢᠷ᠎ᠠ ᠬᠠᠪᠢ ᠳᠤ ᠨᠡᠭᠡᠭᠡᠭᠰᠡᠨ ᠴᠤᠭᠯᠠᠭ᠎ᠠ ᠮᠠᠶᠢᠮᠠᠶ ᠳᠤ ᠬᠦᠷᠴᠦ ᠡᠮᠬᠢ ᠵᠢᠷᠤᠮ ᠲᠠᠢ ᠡᠵᠡᠩᠨᠡᠯᠲᠡ ᠬᠢᠯᠭᠡᠵᠦ᠂ ᠬᠤᠲᠠ ᠶᠢᠨ ᠠᠷᠠᠳ ᠲᠤ ᠴᠡᠪᠡᠷ ᠲᠡᠭᠰᠢ ᠡᠮᠬᠢ ᠵᠢᠷᠤᠮ ᠲᠠᠢ ᠰᠡᠯᠡᠭᠦᠴᠡᠯ ᠤᠨ ᠣᠷᠴᠢᠨ ᠲᠣᠭᠤᠷᠢᠨ ᠢ ᠦᠨᠡᠨ ᠬᠦ ᠪᠣᠶ ᠪᠣᠯᠭᠠᠵᠤ ᠥᠭᠭᠦᠨ᠎ᠡ︔ ᠢᠳᠬᠠᠬᠤ ᠶᠢ ᠰᠣᠨᠣᠰᠬᠤ ᠦᠭᠡᠢ ᠳᠡᠯᠭᠡᠭᠦᠷᠴᠢᠨ ᠢ ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠵᠦ ᠬᠦᠴᠦᠨ ᠦᠭᠡᠢ ᠪᠣᠯᠭᠠᠵᠤ᠂ ᠵᠠᠰᠠᠯᠲᠠ ᠶᠢᠨ ᠦᠷ᠎ᠡ ᠪᠦᠲᠦᠮᠵᠢ ᠶᠢ ᠦᠨᠡᠨ ᠬᠦ ᠪᠠᠲᠤᠯᠠᠪᠠ᠃
     ᠲᠠᠷᠠᠭᠠᠴᠢ ᠶᠢᠨ ᠠᠵᠢᠯ ᠤᠨ ᠳᠤᠮᠳᠠ᠂ ᠵᠣᠣ ᠵᠢᠶᠦ᠋ᠨ ᠵᠠᠮ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠡᠤ ᠯᠢ ᠶᠢᠩ ᠶᠡᠭᠡ ᠠᠩᠭᠢ ᠴᠤ ᠨᠡᠭᠦᠳᠡᠯ ᠳᠡᠯᠭᠡᠭᠦᠷᠴᠢᠨ ᠤ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠵᠡᠩᠨᠡᠯᠲᠡ ᠶᠢᠨ ᠰᠠᠶᠢᠨ ᠰᠠᠶᠢᠬᠠᠨ ᠡᠮᠬᠢ ᠵᠢᠷᠤᠮ ᠪᠠ ᠬᠤᠲᠠ ᠶᠢᠨ ᠳᠦᠷᠰᠦ ᠪᠠᠶᠢᠳᠠᠯ ᠢ ᠪᠠᠲᠤᠯᠠᠵᠤ᠂ ︽ᠡᠷᠭᠢᠯᠡᠬᠦ︾ ᠠᠴᠠ ᠡᠮᠦᠨ᠎ᠡ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠬᠦᠴᠢᠷ ᠠᠰᠠᠭᠤᠳᠠᠯ ᠢ  ᠰᠢᠢᠳᠪᠦᠷᠢᠯᠡᠬᠦ ᠴᠠᠭ ᠢ ᠪᠣᠭᠤᠨᠢᠰᠬᠠᠨ᠎ᠠ︔ ︽ᠡᠷᠭᠢᠯᠡᠬᠦ︾ ᠶᠠᠪᠤᠴᠠ ᠳᠤ᠂ ᠬᠦᠴᠢᠷ ᠲᠦᠪᠡᠭᠲᠡᠶ ᠠᠰᠠᠭᠤᠳᠠᠯ ᠳᠤ ᠨᠠᠷᠢᠨ ᠬᠢᠨᠠᠮᠠᠭᠠᠶ ᠵᠠᠳᠠᠯᠤᠯᠲᠠ ᠬᠢᠵᠦ᠂ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠰᠢᠢᠳᠪᠦᠷᠢᠯᠡᠯᠲᠡ ᠶᠢᠨ ᠲᠥᠰᠦᠯ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠨ᠎ᠡ︔ ︽ᠡᠷᠬᠢᠯᠡᠵᠦ︾ ᠳᠠᠭᠤᠰᠤᠭᠰᠠᠨ ᠤ ᠳᠠᠷᠠᠭ᠎ᠠ᠂ ᠰᠢᠢᠳᠪᠦᠷᠢᠯᠡᠭᠰᠡᠨ ᠠᠬᠢᠴᠠ ᠶᠢ ᠴᠠᠭ ᠲᠤᠬᠠᠶ ᠳᠤᠨᠢ ᠬᠠᠷᠢᠭᠤ ᠰᠤᠷᠪᠤᠯᠵᠢᠯᠠᠵᠤ᠂ ᠠᠰᠠᠭᠤᠳᠠᠯ ᠤᠨ ᠳᠠᠬᠢᠨ ᠳᠠᠪᠲᠠᠨ ᠡᠭᠦᠰᠬᠦ ᠶᠢ ᠰᠡᠷᠭᠡᠶᠢᠯᠡᠪᠡ᠃ ︽ᠳᠠᠷᠤᠢ ᠳᠤᠨᠢ ᠭᠦᠢᠴᠡᠳᠬᠡᠬᠦ︾ ᠶᠢ ᠬᠡᠪ ᠤᠨ ᠪᠠᠶᠢᠳᠠᠯ ᠪᠣᠯᠭᠠᠵᠤ᠂ ︽ᠪᠣᠳᠠᠲᠠᠢ ᠭᠦᠢᠴᠡᠳᠬᠡᠬᠦ︾ ᠪᠠᠷ ᠤᠯᠠᠨ ᠲᠦᠮᠡᠨ ᠤ ᠬᠦᠰᠡᠯ ᠡᠷᠡᠮᠡᠯᠵᠡᠯ ᠳᠤ ᠣᠨᠣᠪᠴᠢᠲᠠᠢ ᠬᠠᠷᠢᠭᠤᠯᠲᠠ ᠥᠭᠬᠦ ᠶᠢ ᠠᠬᠢᠭᠤᠯᠬᠤ ᠬᠡᠷᠡᠭᠲᠡᠢ᠃ ᠥᠷᠭᠡᠨ ᠤᠯᠠᠨ ᠬᠤᠳᠠ ᠶᠢᠨ ᠠᠷᠠᠳ ᠲᠤ ᠨᠡᠩ ᠡᠮᠬᠢ ᠵᠢᠷᠤᠮ ᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠵᠤ ᠥᠭᠭᠦᠨ᠎ᠡ᠃         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号