ᠣᠷᠳᠣᠰ ᠵᠠᠮ ᠤᠨ ᠵᠡᠭᠡᠯᠢ ᠭᠤᠳᠤᠮᠵᠢ ᠶᠢᠨ ᠪᠠᠶᠠᠨ ᠤᠰᠤ ᠨᠡᠶᠢᠭᠡᠮ ᠲᠣᠭᠤᠷᠢᠭ ᠲᠤ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/10
     ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠭᠦᠨᠵᠡᠭᠡᠶ ᠥᠷᠨᠢᠭᠦᠯᠬᠦ ᠶᠢ ᠳᠥᠯᠭᠢᠨ ᠠᠬᠢᠭᠤᠯᠬᠤ ᠶᠢᠨ ᠲᠦᠯᠦᠭᠡ᠂ ᠬᠠᠷᠢᠶᠠᠲᠤ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠂ ᠬᠥᠮᠦᠨ ᠪᠦᠬᠦᠨ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠤᠯᠭᠠᠵᠤ᠂ ᠲᠦᠷᠦᠭᠦᠬᠡᠨ᠂ ᠪᠠᠶᠠᠨ ᠤᠰᠤ ᠨᠡᠶᠢᠭᠡᠮ ᠲᠣᠭᠤᠷᠢᠭ ᠤᠨ ᠠᠵᠢᠯᠲᠠᠳ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠬᠤᠭ ᠨᠣᠪᠰᠢ ᠶᠢ ᠲᠥᠷᠥᠯ ᠬᠤᠪᠢᠶᠠᠬᠤ ᠪᠠ ᠠᠷᠢᠭᠤᠨ ᠴᠡᠪᠡᠷ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠤᠯᠠᠭᠠᠨ ᠬᠤᠶᠠᠭ ᠤᠨ ᠶᠠᠭᠠᠷᠠᠯᠲᠠᠢ ᠪᠠᠷ᠎ᠠ ᠨᠢ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠤᠯᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠡᠮᠬᠢ ᠵᠢᠷᠤᠮ ᠲᠠᠢ ᠪᠠᠷ ᠠᠵᠢᠯ ᠢᠶᠠᠨ ᠬᠤᠪᠢᠶᠠᠷᠢᠯᠠᠵᠤ᠂ ᠬᠠᠷᠢᠯᠴᠠᠨ ᠬᠠᠮᠵᠢᠯᠴᠠᠪᠠ᠃ ᠨᠢᠭᠡ ᠠᠩᠭᠢ ᠰᠠᠶᠢᠨ ᠳᠤᠷ᠎ᠠ ᠶᠢᠨ ᠠᠵᠢᠯᠯᠠᠭᠴᠢᠳ ᠬᠤᠭ ᠨᠣᠪᠰᠢ ᠶᠢ ᠲᠦᠷᠦᠯ ᠬᠤᠪᠢᠶᠠᠬᠤ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠶᠢ ᠠᠪᠴᠤ ᠡᠷᠦᠭᠡ ᠳᠤ ᠣᠷᠣᠵᠤ ᠤᠬᠠᠭᠤᠯᠪᠠ︔ ᠨᠥᠭᠦᠭᠡ ᠨᠢᠭᠡ ᠠᠩᠭᠢ ᠰᠠᠶᠢᠨ ᠳᠤᠷ᠎ᠠ ᠶᠢᠨ ᠦᠢᠯᠡᠴᠢᠯᠡᠭᠴᠢᠳ ᠱᠦᠭᠦᠷ᠂ ᠬᠤᠭ ᠤᠨ ᠬᠠᠪᠴᠢᠭᠤᠷ᠂ ᠬᠤᠰᠤᠭᠤᠷ ᠵᠡᠷᠭᠡ ᠡᠷᠡᠭᠦᠯ ᠬᠠᠮᠠᠭᠠᠯᠠᠯ ᠤᠨ ᠪᠠᠭᠠᠵᠢ ᠬᠡᠷᠡᠭᠰᠡᠯ ᠢᠶᠠᠨ ᠠᠪᠴᠤ᠂ ᠬᠠᠷᠢᠶ᠎ᠠ ᠣᠷᠣᠨ ᠤ ᠪᠠᠨ ᠲᠠᠮᠠᠬᠢ᠂ ᠴᠠᠭᠠᠨ ᠥᠩᠭᠡᠲᠦ ᠬᠤᠭ ᠨᠣᠪᠰᠢ ᠵᠡᠷᠭᠡ ᠶᠠᠭᠤᠮ᠎ᠠ ᠶᠢ ᠴᠡᠪᠡᠷᠯᠡᠨ ᠠᠷᠢᠯᠭᠠᠵᠤ᠂ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠨᠢᠭᠡᠪᠦᠷᠢ ᠶᠢ ᠨᠢᠭᠡᠳ ᠨᠢᠭᠡ ᠪᠠᠷ ᠴᠡᠪᠡᠷᠯᠡᠵᠦ᠂ ᠵᠢᠭᠰᠠᠭᠠᠨ ᠪᠠᠶᠢᠴᠠᠭᠠᠬᠤ ᠴᠠᠭᠠᠷᠢᠭ ᠢ ᠪᠦᠷᠬᠦᠵᠦ᠂ ᠥᠯᠥ ᠣᠨᠣᠭᠳᠠᠬᠤ ᠭᠠᠵᠠᠷ ᠦᠭᠡᠶ᠂ ᠰᠣᠬᠤᠷ ᠪᠠᠯᠠᠶ ᠭᠠᠵᠠᠷ ᠦᠭᠡᠶ ᠪᠣᠯᠭᠠᠬᠤ ᠪᠠᠷ ᠴᠢᠷᠮᠠᠶᠢᠨ᠎ᠠ᠃
     ᠪᠣᠯᠪᠠᠰᠤᠨ ᠪᠣᠯ ᠰᠡᠳᠬᠢᠯ ᠠᠴᠠ ᠡᠬᠢᠯᠡᠳᠡᠭ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠠᠬᠢᠭᠤᠯᠬᠤ ᠪᠣᠯ ᠮᠠᠨ ᠤ ᠬᠥᠮᠦᠨ ᠨᠢᠭᠡᠪᠦᠷᠢ ᠶᠢᠨ ᠬᠠᠷᠢᠭᠤᠴᠠᠯᠭ᠎ᠠ ᠮᠥᠨ᠃ ᠳᠠᠷᠠᠭᠠᠴᠢ ᠶᠢᠨ ᠠᠯᠬᠤᠮ ᠳᠤ ᠨᠡᠶᠢᠭᠡᠮ ᠲᠣᠭᠤᠷᠢᠭ ᠤᠨ ᠬᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠣᠷᠴᠢᠨ ᠠᠬᠤᠶ ᠶᠢ ᠬᠠᠮᠠᠭᠠᠯᠠᠬᠤ ᠠᠵᠢᠯ ᠳᠤ ᠣᠷᠣᠯᠴᠠᠬᠤ ᠪᠣᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号