ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠲᠠᠢ ᠬᠠᠮᠲᠤᠷᠠᠨ ᠬᠠᠷᠢᠶᠠᠲᠤ ᠣᠷᠣᠨ ᠤ ᠪᠠᠨ 3 ᠲᠡᠵᠢᠭᠡᠯ | ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠪᠠ ᠬᠥᠳᠡᠯᠭᠡᠬᠦ ᠬᠦᠴᠦᠨ ᠤ | ᠦᠢᠯᠡᠳᠪᠦᠷᠢ ᠶᠢᠨ ᠲᠠᠰᠤᠭ ᠤᠨ ᠰᠢᠩᠭᠡᠨᠵᠢᠮᠡᠯ ᠬᠡᠶ ᠳᠤ ᠪᠠᠶᠢᠴᠠᠭᠠᠯᠲᠠ ᠬᠢᠪᠠ᠃ ︵ᠢᠦᠶ ᠴᠢᠤᠸᠠᠨ ᠲᠣᠭᠤᠷᠢᠭ ᠤᠨ | ᠽᠧ ᠴᠢᠤᠸᠠᠨ ᠲᠡᠵᠢᠭᠡᠯ ᠪᠣᠷᠳᠤᠭ᠎ᠠ ᠡᠳ᠋ᠰᠢᠭᠦᠯᠬᠦ ᠦᠢᠯᠡᠳᠪᠦᠷᠢ᠂ ᠥᠪᠥᠷ ᠮᠣᠩᠭᠤᠯ ᠤᠨ ᠪᠣᠬᠢᠷᠲᠤᠯ ᠥᠬᠡᠶ ᠵᠢᠩ | ᠸᠧᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠠ ᠥᠪᠥᠷ ᠮᠣᠩᠭᠤᠯ ᠤᠨ ᠺᠧ | ᠬᠤᠩ ᠲᠡᠵᠢᠭᠡᠯ ᠪᠣᠷᠳᠣᠭᠠᠨ ᠤ ᠬᠢᠵᠠᠭᠠᠷᠲᠤ ᠺᠣᠮᠫᠠᠨᠢ︶ | | | | | ᠪᠠᠶᠢᠴᠠᠭᠠᠬᠤ ᠶᠠᠪᠤᠴᠠ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠠ ᠲᠣᠭᠤᠷᠢᠭ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠢᠨᠠᠨ ᠬᠠᠮᠢᠶᠠᠷᠬᠤ ᠠᠵᠢᠯᠲᠠᠨ ᠠᠵᠤ ᠠᠬᠤᠶᠢᠯᠠᠯ ᠤᠨ | ᠠᠮᠤᠷ ᠲᠦᠪᠰᠢᠨ ᠤ ᠳᠠᠯᠳᠠ ᠬᠡᠮ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠳᠡᠭᠡᠷ᠎ᠡ ᠳᠤᠷᠠᠳᠤᠭᠰᠠᠨ 3 | ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠳᠤ ᠬᠤᠭᠤᠯᠠᠨ ᠭᠡᠷ ᠲᠤ ᠭᠠᠯ ᠤᠨᠲᠠᠷᠠᠭᠠᠭᠤᠷ | ᠲᠣᠬᠢᠷᠠᠭᠤᠯᠤᠭᠰᠠᠨ ᠦᠭᠡᠢ᠂ ᠬᠥᠳᠡᠯᠭᠡᠬᠦ ᠬᠦᠴᠦᠨ ᠤ ᠦᠢᠯᠡᠳᠪᠦᠷᠢ ᠶᠢᠨ ᠲᠠᠰᠤᠭ ᠲᠤ ᠰᠢᠲᠠᠮᠠᠬᠠᠢ ᠬᠡᠢ ᠶᠢᠨ | ᠲᠦᠭᠰᠢᠭᠦᠷᠢ ᠮᠡᠳᠡᠭᠡᠯᠡᠬᠦ ᠮᠠᠰᠢᠨ ᠤᠭᠰᠠᠷᠠᠭᠰᠠᠨ ᠦᠭᠡᠢ᠂ ᠭᠠᠯ ᠤᠨᠲᠠᠷᠠᠭᠠᠭᠤᠷ ᠢ ᠭᠦᠢᠴᠡᠳ ᠲᠣᠬᠢᠷᠠᠭᠤᠯᠤᠭᠰᠠᠨ | ᠦᠭᠡᠢ᠂ ᠬᠡᠢ ᠭᠠᠳᠠᠭᠰᠢᠯᠠᠭᠤᠯᠬᠤ ᠬᠤᠭᠤᠯᠠᠢ ᠶᠢ ᠢᠯᠡ ᠭᠠᠷᠭᠠᠭᠰᠠᠨ ᠵᠡᠷᠭᠡ ᠠᠰᠠᠭᠤᠳᠠᠯ ᠣᠷᠣᠰᠢᠵᠤ᠂ ᠬᠠᠤᠯᠢ | ᠬᠡᠷᠡᠭᠵᠢᠭᠦᠯᠬᠦ ᠠᠵᠢᠯᠲᠠᠨ ᠨᠢᠭᠡᠨᠲᠡ ᠠᠵᠤ ᠠᠬᠤᠶᠢᠯᠠᠯ ᠢ ᠱᠠᠭᠠᠷᠳᠠᠨ ᠲᠣᠭᠲᠠᠭᠰᠠᠨ ᠬᠤᠭᠤᠴᠠᠭᠠᠨ ᠳᠤ ᠴᠡᠭᠴᠡᠯᠡᠨ | ᠥᠭᠡᠷᠡᠴᠢᠯᠡᠭᠦᠯᠵᠦ᠂ ᠡᠯ᠎ᠡ ᠵᠦᠢᠯ ᠤᠨ ᠠᠰᠠᠭᠤᠳᠠᠯ ᠢ ᠲᠦᠷᠭᠡᠬᠡᠨ ᠰᠢᠢᠳᠪᠦᠷᠢᠯᠡᠭᠦᠯᠵᠦ᠂ ᠬᠢᠵᠠᠭᠠᠷᠯᠠᠭᠰᠠᠨ | ᠬᠤᠭᠤᠴᠠᠭᠠᠨ ᠤ ᠳᠠᠷᠠᠭ᠎ᠠ᠂ ᠬᠢᠨᠠᠨ ᠬᠠᠮᠢᠶᠠᠷᠬᠤ ᠠᠵᠢᠯᠲᠠᠨ ᠠᠰᠠᠭᠤᠳᠠᠯ ᠲᠠᠢ ᠠᠵᠤ ᠠᠬᠤᠶᠢᠯᠠᠯ ᠳᠤ ᠳᠠᠬᠢᠨᠲᠠ | ᠬᠦᠷᠴᠦ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ ᠦᠵᠡᠬᠦ ᠪᠣᠯᠤᠨ᠎ᠠ᠃ | | | | | ᠡᠭᠦᠨ ᠤ ᠳᠠᠷᠠᠭ᠎ᠠ᠂ ᠲᠣᠰ ᠤᠳᠠᠭᠠᠨ ᠤ ᠪᠠᠶᠢᠴᠠᠭᠠᠯᠲᠠ ᠶᠢᠨ ᠪᠠᠶᠢᠳᠠᠯ ᠳᠤ ᠴᠢᠭᠯᠡᠭᠦᠯᠦᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠭᠰᠠᠨ ᠪᠥᠭᠡᠳ ᠠᠵᠤ ᠠᠬᠤᠶᠢᠯᠠᠯ ᠳᠤ ᠰᠢᠩᠭᠡᠨᠵᠢᠮᠡᠯ | ᠬᠡᠶ ᠶᠢ ᠵᠢᠷᠤᠮᠵᠢᠭᠤᠯᠤᠨ ᠬᠡᠷᠡᠭᠯᠡᠬᠦ ᠶᠢ ᠮᠡᠳᠡᠭᠳᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠯᠵᠤ ᠮᠡᠳᠡᠭᠰᠡᠨ | ᠠᠰᠠᠭᠤᠳᠠᠯ ᠢ ᠠᠯᠢ ᠲᠦᠷᠭᠡᠨ ᠢᠶᠠᠷ ᠴᠡᠭᠴᠡᠯᠡᠨ ᠥᠭᠡᠷᠡᠴᠢᠯᠡᠨ᠎ᠡ ᠭᠡᠵᠦ ᠢᠯᠡᠷᠬᠡᠶᠢᠯᠡᠪᠡ᠃ | | | | | ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠦᠷᠭᠦᠯᠵᠢᠯᠡᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠵᠦ᠂ | ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ | ᠴᠢᠨᠠᠷ ᠰᠠᠶᠢᠲᠠᠢ ᠠᠮᠤᠷ ᠲᠦᠪᠰᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |