ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠢᠭᠤᠯᠴᠢᠯᠠᠯ ᠤᠨ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2023/7/10
     ᠣᠶᠢᠷ᠎ᠠ ᠶᠢᠨ ᠬᠤᠭᠤᠴᠠᠭᠠᠨ ᠳᠤ ᠠᠮᠤᠷ ᠲᠦᠪᠰᠢᠨ ᠤ ᠠᠳᠡᠯ ᠪᠠᠶᠢᠨ ᠳᠠᠬᠢᠨ ᠭᠠᠷᠴᠤ ᠡᠭᠦᠨ ᠤ ᠬᠠᠮᠲᠤ ᠲᠦᠢᠯ ᠤᠨ ᠠᠷᠪᠢᠨ ᠴᠠᠭ ᠠᠭᠤᠷ ᠤᠨ ᠠᠭᠤᠷ ᠠᠮᠢᠰᠬᠤᠯ ᠤᠨ ᠬᠡᠷᠡᠭ ᠣᠯᠠᠨ ᠪᠠᠶᠢᠳᠠᠭ᠂ ᠦᠶᠡᠷ ᠤᠰᠤᠲᠤᠯ ᠤᠨ ᠭᠠᠮᠰᠢᠭ ᠤᠨ ᠰᠡᠷᠭᠡᠶᠢᠯᠡᠯᠲᠡ ᠶᠢ ᠦᠨᠡᠨᠬᠦ ᠴᠢᠩᠭᠠᠳᠬᠠᠬᠤ ᠶᠢᠨ ᠲᠦᠯᠦᠭᠡ᠂ ᠬᠦᠨᠳᠦ ᠶᠡᠭᠡ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠡᠯ᠎ᠡ ᠲᠦᠷᠦᠯ ᠤᠨ ᠵᠤᠭᠠᠴᠠᠯ ᠤᠨ ᠠᠮᠤᠷ ᠲᠦᠪᠰᠢᠨ ᠤ ᠠᠳᠡᠯ ᠭᠠᠷᠬᠤ ᠠᠴᠠ ᠵᠠᠶᠢᠯᠠᠰᠬᠢᠬᠤ ᠪᠠ ᠪᠠᠭᠠᠰᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠡᠩ ᠰᠠᠶᠢᠲᠤᠷ ᠪᠦᠷᠢᠨᠰᠢᠬᠦᠯᠦᠨ ᠨᠠᠶᠢᠳᠠᠪᠤᠷᠢᠵᠢᠭᠤᠯᠬᠤ ᠶᠢᠨ ᠲᠦᠯᠦᠭᠡ᠂ ᠤᠢᠢᠷ᠎ᠠ ᠳᠤ᠂ ᠢᠦᠢ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠤᠭᠠᠴᠠᠯ ᠷᠠᠳᠢᠣ᠋ ᠲᠧᠯᠸᠢᠰ ᠤᠨ ᠲᠤᠪᠴᠢᠶ᠎ᠠ ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠦᠵᠡᠮᠵᠢ ᠶᠢᠨ ᠣᠷᠣᠨ᠂ ᠬᠡᠭᠡᠷ᠎ᠡ ᠪᠠᠭᠤᠳᠠᠯᠯᠠᠬᠤ ᠭᠠᠵᠠᠷ ᠤᠨ ᠠᠶᠤᠯᠭᠦᠢ ᠦᠢᠯᠡᠳᠪᠦᠷᠢᠯᠡᠯ ᠳᠤ ᠲᠤᠰᠬᠠᠢ ᠪᠠᠶᠢᠴᠠᠭᠠᠯᠲᠠ ᠬᠢᠵᠡᠢ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠪᠠᠶᠢᠴᠠᠭᠠᠯᠲᠠ ᠳᠤ ᠱᠠᠭᠠᠷᠳᠠᠭᠰᠠᠨ ᠨᠢ᠂ ᠡᠯ᠎ᠡ ᠵᠢᠭᠤᠯᠴᠢᠯᠠᠯ ᠤᠨ ᠠᠵᠢᠯ ᠲᠥᠷᠥᠯ ᠤᠨ ᠬᠢᠨ ᠨᠢᠭᠡ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯᠲᠠᠨ ᠪᠠ ᠤᠳᠠᠭ᠎ᠠ ᠳᠠᠷᠠᠭ᠎ᠠ ᠪᠠᠨ ᠨᠡᠮᠡᠭᠳᠡᠭᠦᠯᠵᠦ᠂ ᠵᠤᠭ᠎ᠠ ᠴᠡᠩᠭᠡᠯ ᠤᠨ ᠲᠥᠬᠦᠭᠡᠷᠦᠮᠵᠢ᠂ ᠨᠠᠭᠤᠷ ᠴᠥᠭᠦᠷᠥᠮ᠂ ᠤᠰᠤᠨ ᠳᠡᠭᠡᠷᠡᠬᠢ ᠲᠥᠷᠥᠯ ᠵᠦᠢᠯ᠂ ᠬᠡᠷ ᠤᠨ ᠭᠠᠳᠠᠨᠠᠬᠢ ᠬᠡᠭᠡᠷ᠎ᠡ ᠪᠠᠭᠤᠳᠠᠯᠯᠠᠬᠤ ᠭᠠᠵᠠᠷ ᠵᠡᠷᠭᠡ ᠠᠶᠤᠯ ᠲᠦᠭᠰᠢᠭᠦᠷᠢ ᠶᠡᠬᠡᠲᠡᠶ ᠲᠥᠷᠥᠯ ᠵᠦᠢᠯ᠂ ᠪᠠᠶᠢᠭᠤᠯᠵᠤ ᠪᠠᠶᠢᠭ᠎ᠠ ᠪᠠᠷᠢᠯᠭ᠎ᠠ᠂ ᠬᠤᠲᠣᠭᠤᠷ ᠭᠠᠵᠠᠷ ᠲᠤ ᠠᠮᠠᠷᠬᠠᠨ ᠤᠰᠤᠲᠤᠬᠤ ᠭᠠᠵᠠᠷ᠂ ᠭᠠᠵᠠᠷ ᠳᠣᠤᠷᠠᠬᠢ ᠣᠷᠣᠨ ᠵᠠᠶ ᠵᠢᠴᠢ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠠᠶᠤᠯ ᠲᠦᠭᠰᠢᠭᠦᠷᠢ ᠶᠢᠨ ᠴᠡᠭ ᠲᠤ ᠲᠣᠭᠤᠷᠢᠨ ᠪᠠᠶᠢᠴᠠᠭᠠᠵᠤ ᠰᠡᠷᠭᠡᠶᠢᠯᠡᠨ ᠬᠤᠷᠢᠭᠯᠠᠬᠤ ᠠᠵᠢᠯ ᠢ ᠥᠷᠨᠢᠭᠦᠯᠵᠦ᠂ ᠠᠶᠤᠯ ᠲᠦᠭᠰᠢᠭᠦᠷᠢ ᠠᠮᠠᠷᠬᠠᠨ ᠭᠠᠷᠬᠤ ᠣᠷᠣᠨ ᠤ ᠲᠣᠭᠤᠷᠢᠨ ᠪᠠᠶᠢᠴᠠᠭᠠᠯᠲᠠ ᠶᠢ ᠭᠤᠤᠯᠳᠠᠯᠭ᠎ᠠ ᠲᠠᠢ ᠴᠢᠩᠭᠠᠳᠬᠠᠨ᠂ ᠬᠡᠮ ᠰᠣᠭᠤᠭ ᠢ ᠵᠠᠳᠠᠷᠠᠭᠤᠯᠬᠤ ᠥᠬᠡᠶ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠳᠠᠯᠳᠠ ᠬᠡᠮ ᠲᠠᠢ ᠣᠷᠣᠨ ᠪᠦᠰᠡ ᠶᠢᠨ ᠢᠯᠡᠷᠬᠡᠶ ᠪᠠᠶᠢᠷᠢᠨ ᠳᠤ ᠰᠡᠷᠡᠮᠵᠢ ᠶᠢᠨ ᠫᠠᠶᠢᠰᠠ ᠪᠤᠰᠬᠠᠵᠤ᠂ ᠤᠬᠠᠭᠤᠯᠵᠤ ᠬᠥᠲᠥᠯᠦᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠲᠠᠪᠴᠠᠩ ᠢ ᠭᠦᠢᠴᠡᠳ ᠠᠰᠢᠭᠯᠠᠨ᠂ ᠦᠶᠡᠷ ᠤᠨ ᠬᠤᠭᠤᠴᠠᠭᠠᠨ ᠤ ᠵᠣᠨ ᠤ ᠠᠮᠠᠷᠠᠯᠲᠠ ᠶᠢᠨ ᠬᠤᠭᠤᠴᠠᠭᠠᠨ ᠤ ᠬᠡᠷ ᠤᠨ ᠭᠠᠳᠠᠨ᠎ᠠ ᠬᠡᠭᠡᠷ᠎ᠡ ᠪᠠᠭᠤᠳᠠᠯᠯᠠᠬᠤ ᠵᠦᠭᠯᠡᠭᠦᠷ ᠢ ᠨᠡᠶᠢᠲᠡᠯᠡᠵᠦ᠂ ᠬᠤᠲᠠ ᠶᠢᠨ ᠠᠷᠠᠳ ᠵᠤᠭᠠᠴᠠᠭᠰᠠᠳ ᠢ ᠬᠥᠲᠥᠯᠦᠨ ᠵᠢᠯᠣᠭᠤᠳᠴᠤ ᠪᠠᠶᠢᠭᠠᠳ ᠪᠣᠯᠪᠠᠰᠤᠨ ᠢᠶᠠᠷ ᠵᠤᠭᠠᠴᠠᠭᠤᠯᠤᠨ ᠨᠠᠭᠠᠳᠤᠭᠤᠯᠵᠤ᠂ ᠬᠡᠷ ᠤᠨ ᠭᠠᠳᠠᠨᠠᠬᠢ ᠠᠵᠢᠯᠯᠠᠭ᠎ᠠ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠵᠤᠭᠠᠴᠠᠯ ᠤᠨ ᠦᠵᠡᠮᠵᠢ ᠶᠢᠨ ᠣᠷᠣᠨ ᠤ ᠭᠤᠣᠯ ᠨᠡᠪᠲᠡᠷᠡᠬᠦ ᠵᠠᠮ᠂ ᠴᠢᠬᠤᠯᠠ ᠲᠣᠭᠤᠷᠢᠨ ᠦᠵᠡᠬᠦ ᠭᠠᠵᠠᠷ᠂ ᠠᠮᠠᠷᠠᠯᠲᠠ ᠶᠢᠨ ᠢᠳᠡᠭᠡᠨ ᠤᠮᠳᠠᠭᠠᠨ ᠵᠡᠷᠭᠡ ᠠᠮᠠᠷᠬᠠᠨ ᠬᠥᠮᠦᠨ ᠴᠤᠭᠯᠠᠷᠠᠳᠠᠭ ᠣᠷᠣᠨ ᠪᠦᠰᠡ ᠳᠤ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠣᠨᠴᠠᠭᠠᠶᠢᠯᠠᠨ ᠵᠤᠭᠠᠴᠠᠯ ᠤᠨ ᠦᠵᠡᠮᠵᠢ ᠶᠢᠨ ᠣᠷᠣᠨ ᠤ ᠣᠷᠣᠬᠤ ᠡᠭᠦᠳᠡ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠵᠠᠯᠠᠵᠤ ᠵᠢᠯᠣᠭᠤᠳᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃
     ᠪᠠᠶᠢᠴᠠᠭᠠᠯᠲᠠ ᠶᠢᠨ ᠳᠤᠮᠳᠠ ᠬᠡᠰᠡᠭ ᠦᠵᠡᠮᠵᠢ ᠶᠢᠨ ᠣᠷᠣᠨ ᠳᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠡᠭᠦᠯᠳᠡᠷ ᠪᠤᠰᠤ᠂ ᠠᠮᠤᠷ ᠲᠦᠪᠰᠢᠨ ᠤ ᠪᠣᠯᠪᠠᠰᠤᠷᠠᠯ ᠪᠠ ᠰᠣᠷᠢᠯᠲᠠ ᠪᠠᠷ ᠳᠤᠲᠠᠮᠠᠭ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠦᠷᠭᠦᠯᠵᠢᠯᠡᠨ ᠡᠯ᠎ᠡ A ᠳᠡᠰ ᠤᠨ ᠦᠵᠡᠮᠵᠢ ᠶᠢᠨ ᠣᠷᠣᠨ ᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠬᠠᠮᠰᠠᠷ ᠢᠶᠠᠨ ᠳᠡᠭᠡᠭᠰᠢᠯᠡᠭᠦᠯᠬᠦ ᠶᠢ ᠱᠠᠭᠠᠷᠳᠠᠵᠤ᠂ ᠦᠵᠡᠮᠵᠢ ᠶᠢᠨ ᠣᠷᠣᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠬᠦ ᠶᠢ ᠱᠠᠯᠠᠪᠳᠠᠭᠤᠯᠤᠨ ᠵᠢᠯᠣᠭᠤᠳᠴᠤ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠰᠠᠶᠢᠲᠤᠷ ᠬᠢᠵᠦ᠂ ᠵᠤᠭᠠᠴᠠᠯ ᠤᠨ ᠠᠮᠤᠷ ᠲᠦᠪᠰᠢᠨ ᠤ ᠲᠥᠬᠦᠭᠡᠷᠦᠮᠵᠢ ᠶᠢᠨ ᠥᠪᠡᠷ ᠤᠨ ᠪᠠᠶᠢᠴᠠᠭᠠᠯᠲᠠ ᠶᠢ ᠴᠢᠩᠭᠠᠳᠬᠠᠵᠤ᠂ ᠬᠠᠷᠢᠶ᠎ᠠ ᠣᠷᠣᠨ ᠤ ᠵᠤᠭᠠᠴᠠᠯ ᠤᠨ ᠠᠵᠢᠯ ᠲᠦᠷᠦᠯ ᠤᠨ ᠠᠮᠤᠷ ᠲᠦᠪᠰᠢᠨ ᠢ ᠪᠠᠲᠤᠯᠠᠨ᠎ᠠ᠃
        ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号