ᠶᠡᠭᠡ ᠵᠤᠤ ᠨᠡᠶᠢᠭᠡᠮ ᠲᠣᠭᠤᠷᠢᠭ ᠤᠨ ᠬᠢᠨ ︽ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ  ᠭᠤᠯᠢᠷ ᠱᠤᠭᠤᠮᠠᠯ ᠤᠨ ᠮᠢᠬᠠᠲᠤ ᠤᠷᠭᠤᠮᠠᠯ︾ ᠤᠨ ᠭᠠᠷ ᠤᠷᠠᠯᠠᠯ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/7/11
     ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ  ᠳᠡᠯᠭᠡᠷᠡᠭᠦᠯᠬᠦ ᠶᠢᠨ ᠲᠦᠯᠦᠭᠡ᠂ ᠨᠡᠶᠢᠭᠡᠮ ᠲᠣᠭᠤᠷᠢᠭ ᠤᠨ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠠᠭᠤᠭᠠᠯᠢ ᠠᠷᠠᠳ ᠲᠤ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠪᠠ ᠤᠯᠠᠮᠵᠢᠯᠠᠯᠲᠤ ᠰᠣᠶᠣᠯ ᠤᠨ ᠲᠤᠬᠠᠶ ᠨᠡᠩ ᠭᠦᠨᠵᠡᠭᠡᠶ ᠣᠶᠢᠯᠠᠭᠠᠯᠲᠠ ᠲᠠᠢ ᠪᠤᠯᠭᠠᠵᠤ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠶᠡᠭᠡ ᠵᠣᠣ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠨᠡᠶᠢᠭᠡᠮᠯᠢᠭ ᠲᠠᠢ ᠬᠠᠮᠲᠤᠷᠠᠨ ︽ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ ᠭᠤᠯᠢᠷ ᠱᠤᠭᠤᠮᠠᠯ ᠤᠨ ᠮᠢᠬᠠᠲᠤ ᠤᠷᠭᠤᠮᠠᠯ︾ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠲᠠᠶᠢᠯᠤᠮᠵᠢ ᠶᠢᠨ ᠬᠢᠴᠢᠶᠡᠯ ᠤᠨ ᠠᠵᠢᠯᠯᠠᠭ᠎ᠠ ᠡᠷᠭᠢᠯᠡᠪᠡ᠃
     ᠣᠶᠢᠯᠠᠭᠠᠭᠰᠠᠨ ᠢᠶᠠᠷ᠂ ᠭᠤᠯᠢᠷ ᠱᠤᠭᠤᠮᠠᠯ ᠪᠣᠯ ᠢᠳᠡᠰᠢᠨ ᠤ ᠭᠤᠯᠢᠷ᠂ ᠰᠢᠯᠦᠬᠡᠶ ᠲᠤᠲᠤᠷᠭᠠᠨ ᠭᠤᠯᠢᠷ ᠢᠶᠠᠷ ᠭᠤᠤᠯ ᠲᠦᠭᠦᠬᠡᠶ ᠮᠠᠲ᠋ᠧᠷᠢᠶᠠᠯ ᠪᠣᠯᠭᠠᠭᠰᠠᠨ ᠨᠢᠭᠡ ᠵᠦᠢᠯ ᠤᠨ ᠤᠯᠠᠮᠵᠢᠯᠠᠯᠲᠤ ᠱᠤᠭᠤᠮᠠᠯ ᠤᠨ ᠤᠷᠠᠯᠢᠭ ᠮᠥᠨ᠂ ᠭᠤᠯᠢᠷ ᠤᠨ ᠢᠳᠡᠭᠡᠨ ᠤ ᠰᠠᠭᠤᠷᠢᠨ ᠳᠡᠭᠡᠷ᠎ᠡ ᠬᠥᠭᠵᠢᠵᠦ ᠢᠷᠡᠭᠰᠡᠨ ᠠᠷᠠᠳ ᠤᠨ ᠤᠷᠠᠯᠢᠭ ᠪᠥᠭᠡᠳ ᠥᠩᠭᠡ ᠪᠤᠳᠤᠭ ᠪᠠ ᠳᠦᠷᠰᠦ ᠪᠦᠲᠦᠭᠡᠯᠲᠡ ᠶᠢᠨ ᠭᠤᠸ᠎ᠠ ᠰᠠᠶᠢᠬᠠᠨ ᠢ ᠬᠤᠤᠰᠯᠠᠭᠤᠯᠵᠤ᠂ ᠬᠠᠨ ᠤᠯᠤᠰ ᠤᠨ ᠦᠶ᠎ᠡ ᠳᠤ ᠨᠢᠭᠡᠨᠲᠡ ᠥᠰᠥᠭ ᠪᠢᠴᠢᠭ ᠤᠨ ᠲᠡᠮᠳᠡᠭᠯᠡᠯ ᠲᠠᠢ ᠪᠠᠶᠢᠭᠰᠠᠨ ᠶᠤᠮ᠃ 
     ᠠᠵᠢᠯᠯᠠᠭ᠎ᠠ ᠶᠢᠨ ᠳᠤᠮᠳᠠ᠂ ᠪᠠᠭᠰᠢ ᠠᠴᠠ ᠡᠩ ᠲᠡᠷᠢᠭᠦᠨ ᠳᠤ ᠡᠯ᠎ᠡ ᠰᠠᠭᠤᠭᠠᠯᠢ ᠠᠷᠠᠳ ᠲᠤ ᠭᠤᠯᠢᠷ ᠱᠤᠭᠤᠮᠠᠯ ᠤᠨ ᠰᠣᠶᠣᠯ ᠤᠨ ᠠᠬᠤᠶ ᠪᠠᠶᠢᠳᠠᠯ᠂ ᠲᠡᠤᠬᠡ ᠶᠢᠨ ᠡᠬᠢ ᠡᠭᠦᠰᠦᠯ ᠢ ᠲᠠᠨᠢᠯᠴᠠᠭᠤᠯᠵᠤ᠂ ᠭᠤᠯᠢᠷ ᠱᠤᠭᠤᠮᠠᠯ ᠦᠢᠯᠡᠳᠬᠦ ᠤᠷ᠎ᠠ ᠮᠡᠷᠭᠡᠵᠢᠯ ᠢ ᠨᠠᠷᠢᠨ ᠬᠢᠨᠠᠮᠠᠭᠠᠶ ᠲᠠᠶᠢᠯᠪᠤᠷᠢᠯᠠᠨ ᠥᠭᠴᠦ᠂ ᠳᠠᠷᠠᠭ᠎ᠠ ᠨᠢ ᠪᠣᠳᠠᠲᠠᠶ ᠠᠵᠢᠯᠯᠠᠭᠤᠯᠪᠠ᠃ ᠪᠠᠭᠰᠢ ᠶᠢᠨ ᠦᠯᠢᠭᠡᠷ ᠵᠢᠱᠢᠶ᠎ᠡ ᠪᠠ ᠵᠢᠯᠤᠭᠤᠳᠤᠯᠭ᠎ᠠ ᠳᠣᠣᠷ᠎ᠠ᠂ ᠰᠠᠭᠤᠭᠠᠯᠢ ᠠᠷᠠᠳ ᠪᠦᠲᠦᠭᠡᠯᠴᠢ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠨᠠᠷᠢᠨ ᠬᠢᠨᠠᠮᠠᠭᠠᠶ ᠰᠤᠷᠤᠯᠴᠠᠵᠤ᠂ ᠵᠣᠷᠢᠭᠲᠠᠶ ᠪᠠᠷ ᠵᠣᠬᠢᠶᠠᠨ ᠪᠦᠲᠦᠭᠡᠪᠡ᠃ ᠤᠯᠠᠨ ᠢᠶᠠᠷ ᠢᠶᠠᠨ ᠠᠷᠠᠳ ᠤᠨ ᠵᠠᠩ ᠦᠢᠯᠡ ᠶᠢᠨ ᠤᠷ᠎ᠠ ᠮᠡᠷᠭᠡᠵᠢᠯ ᠢ ᠤᠳᠤ ᠦᠶ᠎ᠡ ᠶᠢᠨ ᠠᠮᠢᠳᠤᠷᠠᠯ ᠲᠠᠢ ᠤᠶᠠᠯᠳᠤᠭᠤᠯᠵᠤ᠂ ᠤᠳᠤ ᠦᠶ᠎ᠡ ᠶᠢᠨ ᠡᠯᠧᠮᠧᠨ᠋ᠲ ᠢ ᠤᠯᠠᠮᠵᠢᠯᠠᠯᠲᠤ ᠤᠷᠠᠯᠢᠭ ᠲᠤ ᠠᠭᠤᠰᠬᠠᠵᠤ᠂ ᠴᠢᠮᠬᠢᠬᠦ᠂ ᠨᠤᠬᠤᠯᠠᠬᠤ᠂ ᠬᠡᠷᠴᠢᠬᠦ᠂ ᠰᠡᠶᠢᠯᠬᠦ ᠳᠤᠮᠳᠠ ᠤᠯᠠᠮᠵᠢᠯᠠᠯᠲᠤ ᠰᠣᠶᠣᠯ ᠤᠨ ᠵᠣᠷᠢᠭ ᠰᠠᠨᠠᠭᠠᠨ ᠤ ᠤᠯᠠᠮᠵᠢᠯᠠᠯ ᠪᠠ ᠰᠠᠶᠢᠨ ᠰᠠᠶᠢᠬᠠᠨ ᠠᠮᠢᠳᠤᠷᠠᠯ ᠤᠨ ᠲᠤᠬᠠᠢ ᠴᠢᠩ ᠰᠡᠳᠬᠢᠯ ᠤᠨ ᠬᠦᠰᠡᠯ ᠡᠷᠡᠮᠡᠯᠵᠡᠯ ᠢᠶᠠᠨ ᠢᠯᠡᠷᠡᠭᠦᠯᠪᠡ᠃      ᠨᠢᠭᠡ ᠤᠳᠠᠭᠠᠨ ᠤ ︽ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ︾ ᠤᠨ ᠠᠵᠢᠯᠯᠠᠭ᠎ᠠ᠂ ᠨᠢᠭᠡ ᠤᠳᠠᠭᠠᠨ ᠤ ᠵᠢᠪᠦᠮᠡᠯ ᠮᠠᠶ᠋ᠢᠭ ᠤᠨ ᠭᠤᠯᠢᠷ ᠱᠤᠭᠤᠮᠠᠯ ᠤᠨ ᠥᠩᠭᠡᠷᠡᠯᠲᠡ᠂ ᠥᠩᠭᠡ ᠪᠤᠳᠤᠭ ᠰᠣᠷᠭᠤᠭ᠂ ᠳᠦᠷᠢ ᠲᠥᠷᠬᠦ ᠨᠢ ᠦᠨᠡᠨ ᠪᠣᠳᠠᠲᠠᠶ᠂ ᠪᠡᠶᠡᠲᠦ ᠠᠮᠢᠳᠤᠯᠢᠭ ᠭᠤᠯᠢᠷ ᠱᠤᠭᠤᠮᠠᠯ ᠤᠨ ᠪᠦᠲᠦᠭᠡᠯ ᠤᠳ ᠰᠡᠮᠬᠡᠨ ᠪᠤᠶ ᠪᠣᠯᠪᠠ᠃ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠦᠢᠷ᠎ᠠ ᠵᠠᠶ ᠠᠴᠠ ᠣᠶᠢᠯᠠᠭᠠᠭᠤᠯᠬᠤ ᠶᠢᠨ ᠬᠠᠮᠲᠤ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠡᠶ᠎ᠡ ᠵᠣᠬᠢᠴᠠᠯ ᠢ ᠨᠡᠩ ᠢᠯᠡᠭᠦᠦ ᠮᠡᠳᠡᠷᠡᠭᠦᠯᠵᠦ᠂ ᠵᠠᠯᠭᠠᠭᠠᠳ ᠢᠦᠢ ᠴᠢᠤᠸᠠᠨ ᠲᠣᠭᠤᠷᠢᠭ ᠤᠨ ᠶᠡᠭᠡ ᠵᠤᠤ ᠨᠡᠶᠢᠭᠡᠮ ᠲᠣᠭᠤᠷᠢᠭ ᠤᠨ ᠬᠢᠨ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯᠲᠤ ᠰᠣᠶᠣᠯ ᠤᠨ ᠡᠭᠡᠯ ᠠᠷᠠᠳ ᠤᠨ ᠭᠡᠷ ᠲᠤ ᠣᠷᠣᠬᠤ ᠶᠢ ᠠᠬᠢᠭᠤᠯᠵᠤ᠂ ᠴᠠᠭ ᠦᠶ᠎ᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃                  ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号