ᠵᠤᠤ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠢᠨ ︽ᠲᠦᠮᠡᠨ ᠭᠠᠵᠠᠷ ᠤᠨ ᠠᠶᠠᠨ ᠵᠠᠮ ᠳᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠶ᠎ᠡ︾ ᠭᠡᠬᠦ ᠺᠢᠨᠣ᠋ ᠶᠢᠨ ᠨᠠᠮ ᠤᠨ ᠬᠢᠴᠢᠶᠡᠯ ᠤᠨ ᠭᠤᠣᠯ ᠰᠡᠳᠦᠪᠲᠦ ᠨᠠᠮ ᠤᠨ ᠡᠳᠦᠷ ᠤᠨ ᠺᠢᠨᠣ᠋ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/11
     ᠨᠠᠮ ᠤᠨ ᠭᠡᠰᠢᠭᠦᠨ ᠨᠥᠬᠦᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠬᠦ ᠶᠢᠨ ᠲᠥᠯᠥᠭᠡ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠯᠬᠦᠮᠳᠡᠨ ᠲᠡᠮᠡᠴᠡᠬᠦ ᠬᠦᠴᠦᠨ ᠢ ᠨᠢᠭᠲᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢᠨ ᠲᠠᠰᠢᠷᠠᠮ ᠢᠶᠠᠷ᠂ ᠵᠤᠤ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠪᠠᠶᠢᠭᠤᠯᠭ᠎ᠠ ᠶᠢᠨ ᠨᠠᠮ ᠤᠨ ᠡᠭᠦᠷ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶ᠎ᠠ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ︽ᠲᠦᠮᠡᠨ ᠭᠠᠵᠠᠷ ᠤᠨ ᠠᠶᠠᠨ ᠵᠠᠮ ᠳᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠶ᠎ᠡ︾ ᠭᠡᠬᠦ ᠺᠢᠨᠣ᠋ ᠶᠢᠨ ᠨᠠᠮ ᠤᠨ ᠬᠢᠴᠢᠶᠡᠯ ᠤᠨ ᠭᠤᠣᠯ ᠰᠡᠳᠦᠪᠲᠦ ᠨᠠᠮ ᠤᠨ ᠡᠳᠦᠷ ᠤᠨ ᠺᠢᠨᠣ᠋ ᠦᠵᠡᠬᠦ ᠠᠵᠢᠯᠯᠠᠭ᠎ᠠ ᠶᠢ ᠬᠠᠮᠲᠤᠪᠠᠷ ᠥᠷᠨᠢᠭᠦᠯᠵᠦ᠂ ︽ᠲᠦᠮᠡᠨ ᠭᠠᠵᠠᠷ ᠤᠨ ᠪᠤᠴᠠᠬᠤ ᠵᠠᠮ︾ ᠭᠡᠬᠦ ᠺᠢᠨᠣ᠋ ᠶᠢ ᠰᠣᠨᠢᠷᠬᠠᠪᠠ᠃
     ᠣᠶᠢᠯᠠᠭᠠᠭᠰᠠᠨ ᠢᠶᠠᠷ᠂ ︽ᠲᠦᠮᠡᠨ ᠭᠠᠵᠠᠷ ᠤᠨ ᠪᠤᠴᠠᠬᠤ ᠵᠠᠮ︾ ᠭᠡᠬᠦ ᠺᠢᠨᠣ᠋ ᠶᠢ ᠦᠨᠡᠨ ᠪᠣᠳᠠᠲᠠᠶ ᠬᠡᠷᠡᠭ ᠠᠴᠠ ᠥᠭᠡᠷᠡᠴᠢᠯᠡᠨ ᠨᠠᠶᠢᠷᠠᠭᠤᠯᠵᠤ᠂ ᠪᠦᠭᠦᠳᠡ ᠨᠠᠶᠢᠷᠠᠮᠳᠠᠬᠤ ᠨᠦᠮᠢᠶᠠ ᠤᠯᠤᠰ ᠲᠤ ᠳᠠᠶᠢᠨ ᠳᠠᠵᠢᠨ ᠡᠭᠦᠰᠬᠦ ᠦᠶ᠎ᠡ ᠳᠤ᠂ ᠳᠤᠮᠳᠠᠳᠤ ᠤᠯᠤᠰ ᠤᠨ ᠰᠠᠭᠤᠭ᠎ᠠ ᠭᠠᠵᠠᠷ ᠤᠨ ᠭᠠᠳᠠᠭᠠᠳᠤ ᠬᠠᠷᠢᠯᠴᠠᠭᠠᠨ ᠤ ᠲᠤᠰᠢᠶᠠᠯᠲᠠᠨ ᠭᠠᠷ ᠬᠤᠭᠤᠰᠣᠨ ᠢᠶᠠᠷ ᠳᠠᠶᠢᠨ ᠪᠠᠶᠢᠯᠳᠤᠭᠠᠨ ᠤ ᠭᠠᠯ ᠪᠠ ᠡᠯᠡᠰᠦᠨ ᠴᠥᠯ ᠢ ᠲᠤᠭᠤᠯᠵᠤ᠂ ᠳᠠᠶᠢᠨ ᠳᠠᠵᠢᠨ ᠤ ᠡᠮᠢᠶᠡᠯ ᠪᠠ ᠦᠬᠦᠯ ᠤᠨ ᠰᠦᠷᠳᠡᠭᠦᠯᠦᠯ ᠤᠨ ᠳᠣᠣᠷ᠎ᠠ᠂ ᠲᠦᠮᠡᠨ ᠪᠡᠷᠬᠡ ᠮᠢᠩᠭᠠᠨ ᠵᠣᠪᠠᠯᠠᠩ ᠢ ᠳᠤᠭᠤᠯᠵᠤ ᠪᠠᠶᠢᠭᠠᠳ ᠡᠴᠦᠰ ᠲᠡᠭᠡᠨ ᠤᠮᠠᠷᠠᠲᠤ ᠠᠹᠷᠢᠺᠠ ᠶᠢᠨ ᠬᠢᠯᠢ ᠳᠤ ᠬᠤᠴᠣᠷᠤᠭᠰᠠᠨ ᠳᠤᠮᠳᠠᠳᠤ ᠤᠯᠤᠰ ᠤᠨ ᠠᠬ᠎ᠠ ᠳᠡᠭᠦᠦ ᠨᠡᠷ ᠢ ᠳᠠᠭᠠᠭᠤᠯᠤᠨ ᠡᠬᠡ ᠤᠯᠤᠰ ᠲᠠᠭᠠᠨ ᠪᠤᠴᠠᠭᠰᠠᠨ ᠦᠯᠢᠭᠡᠷ ᠢ ᠲᠠᠨᠢᠯᠴᠠᠭᠤᠯᠵᠠᠢ᠃ ᠺᠢᠨᠣ᠋ ᠨᠢ ᠡᠬᠡ ᠤᠯᠤᠰ ᠤᠨ ᠠᠷᠠᠳ ᠲᠦᠮᠡᠨ᠂ ᠠᠬ᠎ᠠ ᠳᠡᠭᠦᠤ ᠨᠡᠷ ᠢᠶᠠᠨ ᠬᠠᠯᠠᠮᠵᠢᠯᠠᠨ ᠬᠠᠮᠠᠭᠠᠯᠠᠵᠤ ᠪᠠᠶᠢᠭ᠎ᠠ ᠶᠢ ᠬᠠᠷᠠᠭᠤᠯᠵᠤ᠂ ᠠᠮᠢ ᠨᠠᠰᠤᠨ ᠤ ᠲᠤᠬᠠᠶ ᠪᠢᠰᠢᠷᠡᠨ ᠬᠦᠨᠳᠦᠳᠬᠡᠵᠦ ᠪᠠᠶᠢᠭ᠎ᠠ ᠶᠢ ᠬᠠᠷᠠᠭᠤᠯᠵᠤ᠂ ᠳᠤᠮᠳᠠᠳᠤ ᠶᠢᠨ ᠬᠠᠷᠢᠶᠠᠲᠤ ᠪᠠᠨ ᠠᠮᠵᠢᠯᠲᠠ ᠲᠠᠢ ᠪᠠᠷ ᠪᠤᠴᠠᠭᠠᠭᠰᠠᠨ ᠤ ᠠᠷᠤ ᠳᠤ ᠮᠠᠨ ᠤ ᠬᠦᠴᠦᠷᠬᠡᠭ ᠶᠡᠭᠡ ᠡᠬᠡ ᠤᠯᠤᠰ ᠵᠣᠭᠰᠣᠵᠤ ᠪᠠᠶᠢᠨ᠎ᠠ ᠭᠡᠳᠡᠭ ᠢ ᠣᠯᠠᠨ ᠳᠤ ᠭᠦᠨᠵᠡᠭᠡᠶ ᠮᠡᠳᠡᠷᠡᠭᠦᠯᠵᠡᠶ᠃
     ᠲᠣᠭᠤᠷᠢᠨ ᠦᠵᠡᠬᠦ ᠠᠵᠢᠯᠯᠠᠭ᠎ᠠ ᠨᠢ ᠮᠠᠨ ᠤ ᠦᠨᠳᠦᠰᠦᠲᠡᠨ ᠤ ᠣᠮᠤᠭ ᠪᠠᠭ᠋ᠠᠳᠤᠯᠳᠤ ᠰᠡᠳᠬᠢᠯᠭᠡ ᠪᠠ ᠮᠡᠳᠡᠷᠡᠮᠵᠢᠳᠤ ᠰᠡᠳᠬᠢᠯᠭᠡ ᠶᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠡᠬᠡ ᠣᠷᠣᠨ ᠤ ᠪᠠᠨ ᠴᠡᠴᠡᠭᠯᠡᠯ ᠬᠥᠭᠵᠢᠯ ᠪᠠ ᠬᠦᠴᠦᠷᠬᠡᠭ ᠤᠨ ᠲᠥᠯᠥᠭᠡ ᠣᠮᠣᠭᠰᠢᠬᠤ ᠶᠢᠨ ᠬᠠᠮᠲᠤ᠂ ᠪᠢᠳᠡ ᠡᠪ ᠬᠠᠮᠲᠤᠴᠤᠳ ᠤᠨ ᠮᠥᠷᠥᠨ ᠳᠡᠭᠡᠷᠡᠬᠢ ᠬᠠᠷᠢᠭᠤᠴᠠᠯᠭ᠎ᠠ ᠪᠠ ᠡᠭᠦᠷᠭᠡ ᠶᠢ ᠨᠡᠩ ᠭᠦᠨᠵᠡᠭᠡᠶ ᠲᠠᠨᠢᠵᠤ ᠣᠯᠤᠭᠰᠠᠨ ᠪᠠᠶᠢᠨ᠎ᠠ᠃ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠤᠯᠠᠨ ᠢᠶᠠᠷ ᠢᠶᠠᠨ ᠺᠢᠨᠣ᠋ ᠶᠢ ᠦᠵᠡᠭᠰᠡᠨ ᠤ ᠳᠠᠷᠠᠭᠠᠬᠢ ᠵᠣᠷᠢᠭ ᠰᠠᠨᠠᠭ᠎ᠠ ᠶᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠡᠷᠴᠢ ᠵᠣᠷᠢᠭ ᠢᠶᠠᠨ ᠬᠥᠪᠴᠢᠯᠡᠵᠦ᠂ ᠴᠥᠬᠦᠷᠡᠰᠢ ᠦᠭᠡᠢ ᠴᠢᠷᠮᠠᠶᠢᠨ ᠠᠵᠢᠯᠯᠠᠵᠤ᠂ ᠵᠤᠤ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠯᠥᠭᠡ ᠴᠢᠷᠮᠠᠶᠢᠨ ᠲᠡᠮᠡᠴᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ ᠲᠡᠮᠡᠴᠡᠨ᠎ᠡ ᠭᠡᠵᠦ ᠢᠯᠡᠳᠬᠡᠵᠡᠭᠡᠪᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号