ᠢᠦᠶ ᠴᠢᠤᠸᠠᠨ ᠲᠣᠭᠤᠷᠢᠭ ᠤᠨ ᠬᠥᠮᠦᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ | ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠪᠷᠦ᠋ᠼᠧᠯ ᠡᠪᠡᠳᠴᠢᠨ ᠤ ᠬᠥᠮᠦᠨ ᠵᠢᠴᠢ ᠮᠠᠯ ᠤᠨ ᠬᠤᠭᠤᠷᠣᠨᠳᠣ | ᠳᠡᠯᠭᠡᠷᠡᠬᠦ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠵᠦ᠂ ᠪᠷᠦ᠋ᠼᠧᠯ ᠡᠪᠡᠳᠴᠢᠨ ᠳᠤ | ᠨᠡᠷᠪᠡᠭᠳᠡᠭᠰᠡᠳ ᠢ ᠴᠠᠭ ᠲᠤᠬᠠᠶ ᠳᠤᠨᠢ ᠨᠡᠬᠡᠮᠵᠢᠯᠡᠬᠦ ᠪᠠ ᠭᠠᠷ ᠳᠦᠷᠦᠵᠦ᠂ ᠳᠤᠮᠳᠠᠳᠤ ᠤᠯᠤᠰ ᠤᠨ ᠠᠮᠢᠲᠠᠨ ᠤ | ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ ᠤᠨ ︽ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠭᠤᠣᠯᠳᠠᠯᠭ᠎ᠠ ︵ᠨᠢᠭᠡᠳᠦᠭᠡᠷ | ᠬᠡᠪᠯᠡᠯ︶︾ ᠶᠢᠨ ᠲᠤᠬᠠᠢ ᠮᠡᠳᠡᠭᠳᠡᠯ ᠶᠣᠰᠣᠭᠠᠷ᠂ ᠤᠢᠢᠷ᠎ᠠ ᠳᠤ᠂ ᠢᠦᠢ ᠴᠢᠤᠸᠠᠨ ᠲᠣᠭᠤᠷᠢᠭ ᠤᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠪᠣᠯᠤᠨ ᠢᠦᠢ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ | ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠶᠢᠨ ᠬᠢᠨ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯ ᠢ ᠥᠷᠨᠢᠭᠦᠯᠵᠡᠢ᠃ | | | | | ᠣᠶᠢᠯᠠᠭᠠᠭᠰᠠᠨ ᠢᠶᠠᠷ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠳ ᠨᠡᠭᠦᠳᠡᠯ | ᠲᠣᠬᠢᠷᠠᠭᠤᠯᠭ᠎ᠠ ᠶᠢᠨ ᠰᠦᠯᠵᠢᠶᠡᠨ ᠳᠡᠭᠡᠷ᠎ᠡ ᠪᠷᠦ᠋ᠼᠧᠯ ᠡᠪᠡᠳᠴᠢᠨ ᠤ ᠵᠢᠱᠢᠶ᠎ᠡ ᠶᠢ ᠮᠡᠳᠡᠭᠦᠯᠬᠦ ᠳᠡᠭᠡᠨ ᠬᠤᠨᠢ ᠲᠡᠵᠢᠭᠡᠬᠦ | ᠡᠷᠦᠬᠡ ᠳᠤ ᠪᠷᠦ᠋ᠼᠧᠯ ᠡᠪᠡᠳᠴᠢᠨ ᠳᠤ ᠨᠡᠷᠪᠡᠭᠳᠡᠭᠰᠡᠨ ᠢ ᠣᠯᠵᠤ ᠮᠡᠳᠡᠭᠡᠳ ᠴᠠᠭ ᠲᠤᠬᠠᠶ ᠳᠤᠨᠢ ᠲᠠᠷᠢᠶᠠᠯᠠᠩ ᠮᠠᠯ | ᠠᠵᠤ ᠠᠬᠤᠶ ᠶᠢᠨ ᠰᠠᠯᠠᠭ᠎ᠠ ᠮᠥᠴᠢᠷ ᠲᠠᠢ ᠮᠡᠳᠡᠭᠡ ᠵᠠᠩᠭᠢ ᠪᠠᠨ ᠨᠡᠪᠲᠡᠷᠡᠯᠴᠡᠵᠦ᠂ ᠪᠷᠦ᠋ᠼᠧᠯ ᠡᠪᠡᠳᠴᠢᠲᠡᠨ ᠤ | ᠬᠡᠷ ᠲᠤ ᠣᠷᠣᠵᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠥᠷᠨᠢᠭᠦᠯᠪᠡ᠃ ᠲᠣᠰ ᠬᠥᠮᠦᠨ ᠤ | ᠡᠪᠡᠳᠴᠢᠯᠡᠭᠰᠡᠨ ᠪᠠᠶᠢᠳᠠᠯ ᠵᠢᠴᠢ ᠡᠮᠨᠡᠨ ᠵᠠᠰᠠᠭᠰᠠᠨ ᠪᠠᠶᠢᠳᠠᠯ᠂ ᠬᠡᠷ ᠤᠨ ᠪᠦᠷᠢᠯᠳᠦᠬᠦᠨ ᠤ ᠪᠷᠦ᠋ᠼᠧᠯ ᠡᠪᠡᠳᠴᠢᠨ ᠤ | ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠬᠤ ᠪᠠᠷ ᠳᠡᠮᠵᠢᠨ᠂ ᠪᠷᠦ᠋ᠼᠧᠯ ᠡᠪᠡᠳᠴᠢᠨ ᠳᠤ ᠬᠠᠯᠳᠠᠪᠤᠷᠢᠯᠠᠭᠰᠠᠨ | ᠰᠢᠯᠲᠠᠭᠠᠨ ᠨᠢ ᠲᠡᠵᠢᠭᠡᠨ ᠦᠷᠡᠵᠢᠭᠦᠯᠬᠦ ᠶᠠᠪᠤᠴᠠ ᠶᠢᠨ ᠬᠠᠮᠠᠭᠠᠯᠠᠯᠲᠠ ᠵᠣᠬᠢᠰ ᠥᠬᠡᠶ ᠪᠠᠶᠢᠬᠤ ᠲᠠᠢ ᠬᠤᠯᠪᠣᠭ᠎ᠠ ᠲᠠᠢ | ᠪᠠᠶᠢᠵᠤ ᠮᠡᠳᠡᠨ᠎ᠡ᠂ ᠲᠤᠬᠠᠶ ᠶᠢᠨ ᠲᠠᠯᠠᠪᠤᠷ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠵᠢᠯᠲᠠᠳ | ᠡᠪᠡᠳᠴᠢᠲᠡᠨ ᠤ ᠬᠡᠷ ᠤᠨ 21 ᠬᠤᠨᠢᠨ ᠤ ᠴᠢᠰᠤᠨ ᠤ ᠥᠯᠢᠭᠡᠷ ᠡᠳ᠋ ᠢ ᠪᠦᠬᠦᠨ ᠢᠶᠠᠷ ᠨᠢ ᠠᠪᠴᠤ ᠲᠤᠷᠰᠢᠯᠲᠠ ᠶᠢᠨ | ᠲᠠᠰᠤᠭ ᠲᠤ ᠬᠦᠷᠭᠡᠵᠦ ᠪᠷᠦ᠋ᠼᠧᠯ ᠪᠠᠺᠲ᠋ᠧᠷᠢ ᠶᠢᠨ ᠪᠠᠶᠢᠴᠠᠭᠠᠯᠲᠠ ᠬᠢᠯᠭᠡᠵᠡᠶ᠃ | | | | | ᠡᠭᠦᠨ ᠤ ᠵᠡᠷᠭᠡ ᠳᠤ᠂ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠨ ᠲᠣᠰ | ᠡᠪᠡᠳᠴᠢᠲᠡᠨ ᠳᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠭᠠᠷ ᠲᠦᠷᠦᠭᠦ ᠪᠣᠭᠴᠣ ᠲᠦᠭᠡᠭᠡᠨ ᠥᠭᠴᠦ᠂ | ᠦᠢᠯᠡᠳᠪᠦᠷᠢᠯᠡᠯ ᠠᠮᠢᠳᠤᠷᠠᠯ ᠤᠨ ᠶᠠᠪᠤᠴᠠ ᠳᠤ ᠪᠷᠦ᠋ᠼᠧᠯ ᠡᠪᠡᠳᠴᠢᠨ ᠤ ᠬᠠᠯᠳᠠᠪᠤᠷᠢᠯᠠᠯ ᠢ ᠬᠡᠷᠬᠢᠨ ᠰᠡᠷᠭᠡᠶᠢᠯᠡᠬᠦ | ᠲᠤᠬᠠᠶ ᠲᠠᠶᠢᠯᠪᠤᠷᠢᠯᠠᠬᠤ ᠶᠢᠨ ᠬᠠᠮᠲᠤ ᠡᠪᠡᠳᠴᠢᠲᠡᠨ ᠳᠤ ᠡᠷᠬᠡᠪᠰᠢ ᠡᠮᠴᠢᠯᠡᠭᠡᠨ ᠤ ᠬᠤᠭᠤᠴᠠᠭ᠎ᠠ ᠪᠠᠷ ᠵᠢᠷᠤᠮᠵᠢᠭᠤᠯᠤᠨ | ᠡᠮᠨᠡᠨ ᠵᠠᠰᠠᠵᠤ᠂ ᠤᠳᠠᠭᠠᠨ ᠴᠢᠨᠠᠷᠲᠠᠶ ᠡᠪᠡᠳᠴᠢᠨ ᠪᠣᠯᠵᠣ ᠬᠤᠪᠢᠷᠠᠬᠤ ᠶᠢ ᠰᠡᠷᠭᠡᠶᠢᠯᠡᠬᠦ ᠬᠡᠷᠡᠭᠲᠡᠶ ᠭᠡᠵᠦ ᠵᠠᠬᠢᠭᠰᠠᠨ | ᠪᠠᠶᠢᠨ᠎ᠠ᠃ | ᠲᠣᠰ ᠤᠳᠠᠭᠠᠨ ᠤ ᠬᠠᠮᠲᠤᠷᠠᠭᠰᠠᠨ ᠠᠵᠢᠯ ᠢ ᠥᠷᠨᠢᠭᠦᠯᠦᠭᠰᠡᠨ ᠨᠢ ᠢᠦᠶ ᠴᠢᠤᠸᠠᠨ ᠲᠣᠭᠤᠷᠢᠭ ᠤᠨ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠬᠢᠭᠡᠳ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ | ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠦᠶ ᠴᠢᠤᠸᠠᠨ | ᠲᠣᠭᠤᠷᠢᠭ ᠤᠨ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠳᠤ ᠴᠢᠬᠤᠯᠠ ᠦᠢᠯᠡᠳᠦᠯ ᠦᠵᠡᠭᠦᠯᠪᠡ᠃ | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |