ᠦᠨᠳᠦᠰᠦᠨ ᠱᠠᠲᠤᠨ ᠤ ᠵᠠᠰᠠᠯᠲᠠ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ᠂ ᠲᠠᠪᠴᠠᠩ ᠤᠨ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠶᠢᠨ | ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠶᠢᠨ ᠲᠥᠯᠥᠭᠡ᠂ ᠢᠦᠢ ᠴᠢᠤᠸᠠᠨ ᠤ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠬᠦᠴᠦᠲᠡᠢ ᠲᠤᠯᠭᠠᠭᠤᠷᠢᠯᠠᠯ ᠬᠠᠩᠭᠠᠵᠤ᠂ ᠲᠦᠷᠦᠭᠦᠬᠡᠨ᠂ | ᠢᠦᠶ ᠴᠢᠤᠸᠠᠨ ᠲᠣᠭᠤᠷᠢᠭ ᠤᠨ ᠬᠢᠨ ᠦᠨᠳᠦᠰᠦᠨ ᠱᠠᠲᠤᠨ ᠤ ᠵᠠᠰᠠᠯᠲᠠ ᠪᠠ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠲᠥᠷᠥᠯ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠬᠠᠷᠢᠴᠠᠭ᠎ᠠ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ | | | | | ᠬᠤᠷᠠᠯ ᠳᠡᠭᠡᠷ᠎ᠡ᠂ ᠢᠦᠶ ᠴᠢᠤᠸᠠᠨ ᠲᠣᠭᠤᠷᠢᠭ ᠪᠣᠯᠤᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ | ᠶᠡᠭᠡ ᠰᠤᠷᠭᠠᠭᠤᠯᠢ ᠶᠢᠨ ᠬᠠᠮᠢᠶ᠎ᠠ ᠪᠥᠬᠦᠶ ᠤᠳᠤᠷᠢᠳᠤᠯᠭ᠎ᠠ ᠲᠥᠷᠥᠯ ᠵᠦᠢᠯ ᠤᠨ ᠬᠠᠮᠲᠤᠷᠠᠯᠴᠠᠭᠠᠨ ᠤ ᠠᠬᠤᠶ | ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠪᠠᠶᠠᠷ ᠤᠨ ᠦᠭᠡ ᠬᠡᠯᠡᠵᠡᠶ᠂ ᠲᠣᠰ ᠤᠳᠠᠭᠠᠨ ᠤ ᠭᠡᠷ᠎ᠡ ᠲᠣᠭᠲᠠᠭᠰᠠᠨ ᠨᠢ | ᠢᠦᠶ ᠴᠢᠤᠸᠠᠨ ᠲᠣᠭᠤᠷᠢᠭ ᠪᠣᠯᠤᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ | ᠬᠠᠮᠲᠤᠷᠠᠯᠴᠠᠭ᠎ᠠ ᠪᠠᠶᠠᠷᠯᠠᠭᠤᠰᠢᠲᠠᠶ ᠠᠯᠬᠤᠮ ᠢ ᠠᠯᠬᠤᠭᠰᠠᠨ ᠢ ᠬᠠᠷᠠᠭᠤᠯᠵᠤ᠂ ᠭᠦᠨ ᠵᠤᠵᠠᠭᠠᠨ ᠨᠥᠬᠦᠷᠰᠡᠭ | ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠵᠤ᠂ ᠬᠠᠮᠲᠤ ᠶᠢᠨ ᠠᠵᠢᠯ ᠦᠢᠯᠡᠰ ᠤᠨ ᠬᠥᠭᠵᠢᠯᠲᠡ ᠳᠤ ᠥᠷᠭᠡᠨ | ᠠᠭᠤᠳᠠᠮ ᠲᠠᠪᠴᠠᠩ ᠪᠠᠶᠢᠭᠤᠯᠵᠤ ᠥᠭᠭᠦᠭᠰᠡᠨ ᠪᠠᠶᠢᠨ᠎ᠠ᠃ | | | | | ᠢᠦᠢ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ | ᠰᠤᠷᠭᠠᠭᠤᠯᠢ ᠶᠢᠨ ᠮᠠᠨ ᠤ ᠲᠤᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠬᠤ ᠪᠠ ᠶᠡᠬᠡᠪᠡᠷ ᠳᠡᠮᠵᠢᠭᠰᠡᠨ ᠳᠤ ᠲᠠᠯᠠᠷᠬᠠᠵᠤ᠂ ᠥᠪᠥᠷ ᠮᠣᠩᠭᠤᠯ ᠤᠨ ᠠᠵᠤ | ᠦᠢᠯᠡᠳᠪᠦᠷᠢ ᠶᠢᠨ ᠶᠡᠭᠡ ᠰᠤᠷᠭᠠᠭᠤᠯᠢ ᠲᠠᠢ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠬᠦ ᠶᠢ ᠬᠦᠰᠡᠵᠦ | ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠬᠢᠨ ᠣᠷᠣᠨ ᠪᠠᠶᠢᠷᠢ ᠶᠢᠨ | ᠳᠠᠪᠠᠭᠤᠯᠢᠭ ᠲᠠᠭᠠᠨ ᠰᠠᠭᠤᠷᠢᠯᠠᠵᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ | ᠣᠨᠣᠯ ᠤᠨ ᠳᠠᠪᠠᠭᠤᠯᠢᠭ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ | ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠶ ᠠᠬᠢᠭᠤᠯᠵᠤ᠂ ᠬᠠᠮᠲᠤᠷᠠᠯᠴᠠᠭᠠᠨ ᠤ ᠠᠵᠠ ᠲᠣᠬᠢᠶᠠᠯ ᠢ | ᠠᠰᠢᠭᠯᠠᠨ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠠ ᠦᠵᠡᠯ ᠰᠠᠨᠠᠭ᠎ᠠ ᠶᠢ ᠬᠤᠪᠢᠷᠠᠭᠤᠯᠬᠤ ᠶᠢ ᠪᠡᠶᠡᠯᠡᠭᠦᠯᠵᠦ᠂ | ᠬᠠᠷᠢᠶᠠᠲᠤ ᠣᠷᠣᠨ ᠤ ᠦᠨᠳᠦᠰᠦᠨ ᠱᠠᠲᠤᠨ ᠤ ᠨᠡᠶᠢᠭᠡᠮ ᠤᠨ ᠠᠵᠢᠯᠲᠠᠨ ᠤ ᠦᠢᠯᠡᠴᠢᠯᠡᠭᠡᠨ ᠤ ᠦᠵᠡᠯ ᠤᠬᠠᠮᠰᠠᠷ ᠪᠠ | ᠦᠢᠯᠡᠴᠢᠯᠡᠭᠡᠨ ᠤ ᠮᠡᠷᠭᠡᠵᠢᠯ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠤᠨ | ᠠᠵᠢᠯᠲᠠᠨ ᠤ ᠡᠩᠨᠡᠭᠡ ᠶᠢᠨ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠭᠤᠷᠪᠠᠨ ᠬᠤᠪᠢᠷᠠᠭᠤᠯᠤᠯᠲᠠ ᠶᠢ | ᠪᠡᠶᠡᠯᠡᠭᠦᠯᠬᠦ ᠶᠢ ᠦᠨᠡᠨᠬᠦ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠲᠣᠤᠷ ᠰᠦᠯᠵᠢᠶᠡᠨ ᠤ ᠦᠢᠯᠡᠴᠢᠯᠡᠭᠡᠨ ᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠦᠢᠯᠡᠴᠢᠯᠡᠭᠡᠨ ᠤ ᠠᠵᠢᠯ ᠤᠨ ᠨᠠᠷᠢᠯᠢᠭ | ᠣᠨᠣᠴᠠᠵᠢᠭᠤᠯᠬᠤ ᠪᠠ ᠨᠠᠷᠢᠯᠢᠬᠵᠢᠭᠤᠯᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |