ᠡᠵᠡᠩᠨᠡᠯᠲᠡ ᠶᠢᠨ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽ᠮᠦᠩᠬᠡ ᠰᠤᠪᠠᠭ · ᠨᠢᠭᠡ | ᠯᠡ ᠤᠳᠠᠭ᠎ᠠ ᠳᠤ ᠭᠦᠢᠴᠡᠳᠭᠡᠬᠦ︾ ᠥᠭᠡᠷᠡᠴᠢᠯᠡᠯᠲᠡ ᠶᠢᠨ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ | ᠲᠤᠰᠠᠳᠠ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠦᠢᠯᠡᠴᠢᠯᠡᠭᠡᠨ ᠤ | ᠵᠠᠭᠪᠤᠷ ᠲᠤ ᠰᠢᠨ᠎ᠡ ᠶᠢ ᠡᠭᠦᠳᠴᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ | ᠬᠢᠷᠢ ᠲᠦᠪᠰᠢᠨ ᠬᠢᠭᠡᠳ ᠲᠠᠪᠴᠠᠩ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ︽ᠨᠢᠭᠡ | ᠤᠴᠢᠷ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠭᠥᠯᠢᠶᠡᠨ ᠠᠪᠴᠤ ᠰᠢᠢᠳᠪᠦᠷᠢᠯᠡᠬᠦ ᠴᠤᠩᠬᠤᠪᠴᠢ ᠶᠢ | ᠵᠢᠷᠤᠮᠵᠢᠭᠤᠯᠤᠨ ᠳᠣᠭᠢᠷᠠᠭᠤᠯᠵᠤ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠦᠢᠯᠡᠴᠢᠯᠡᠭᠡᠨ ᠤ | ᠣᠨᠣᠯᠵᠢᠬᠤᠨ ᠢ ᠴᠢᠷᠮᠠᠶᠢᠨ ᠪᠡᠶᠡᠯᠡᠭᠦᠯᠦᠨ᠎ᠡ᠃ | | | | | ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠨᠢ ᠦᠢᠯᠡᠴᠢᠯᠡᠭᠡᠨ ᠤ ᠴᠤᠩᠬᠤᠪᠴᠢ ᠶᠢ ᠡᠮᠬᠢᠯᠡᠨ ᠨᠡᠶᠢᠯᠡᠭᠦᠯᠵᠦ᠂ ᠵᠠᠬ᠎ᠠ | ᠳᠡᠯᠭᠡᠭᠦᠷ ᠲᠤ ᠵᠥᠪᠰᠢᠶᠡᠷᠡᠨ ᠣᠷᠣᠭᠤᠯᠬᠤ ᠣᠷᠣᠨ ᠪᠦᠰᠡ ᠳᠤ ︽ᠶᠡᠷᠦᠩᠬᠡᠶᠢᠯᠡᠨ ᠭᠥᠯᠢᠶᠡᠨ ᠠᠪᠴᠤ | ᠰᠢᠢᠳᠪᠦᠷᠢᠯᠡᠬᠦ ᠴᠤᠩᠬᠤᠪᠴᠢ︾ ᠶᠢ ᠨᠡᠭᠡᠭᠡᠵᠦ᠂ ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ | ᠳᠤᠲᠠᠭᠤ ᠶᠢ ᠠᠭᠤᠴᠢᠯᠠᠵᠤ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠮᠡᠳᠡᠭᠳᠡᠬᠦ᠂ ᠠᠩᠬ᠎ᠠ ᠠᠰᠠᠭᠤᠬᠤ | ᠬᠠᠷᠢᠭᠤᠴᠠᠯᠭ᠎ᠠ᠂ ᠨᠢᠭᠡ ᠴᠤᠩᠬᠤᠪᠴᠢ ᠪᠠᠷ ᠭᠡᠷᠡᠴᠢ ᠭᠠᠷᠭᠠᠬᠤ︾ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠢ ᠪᠣᠶ | ᠪᠤᠯᠭᠠᠪᠠ᠃ ︽ᠠᠵᠤ ᠠᠬᠤᠶᠢᠯᠠᠯ ᠨᠡᠭᠡᠭᠡᠨ ᠡᠷᠭᠢᠯᠡᠬᠦ ᠶᠢᠨ ᠬᠠᠪᠰᠤᠷᠤᠨ ᠵᠢᠯᠣᠭᠤᠳᠬᠤ ᠲᠣᠭᠤᠷᠢᠭ︾ ᠢ | ᠳᠣᠭᠢᠷᠠᠭᠤᠯᠵᠤ᠂ ︽ᠠᠮᠢᠵᠢᠷᠠᠯ ᠪᠢᠯᠬᠠᠭᠰᠠᠨ ᠢᠦᠶ ᠴᠢᠤᠸᠠᠨ · ᠰᠡᠳᠬᠢᠯ ᠢ ᠭᠡᠷᠡᠯᠲᠦᠭᠦᠯᠬᠦ︾ ᠳᠣᠲᠣᠨᠣ | ᠦᠢᠯᠡᠴᠢᠯᠡᠭᠡᠨ ᠤ ᠣᠶᠢᠯᠠᠭᠠᠯᠲᠠ ᠶᠢ ᠳᠡᠭᠡᠭᠰᠢᠯᠡᠭᠦᠯᠦᠨ᠂ ︽ᠨᠢᠭᠡ ᠴᠤᠩᠬᠤᠪᠴᠢ ᠪᠠᠷ ᠶᠡᠷᠦᠩᠬᠡᠶᠢᠯᠡᠨ ᠭᠥᠯᠢᠶᠡᠨ | ᠠᠪᠴᠤ ᠰᠢᠢᠳᠪᠦᠷᠢᠯᠡᠬᠦ᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ᠂ ᠠᠷᠤ ᠲᠠᠶᠢᠰᠠᠨ ᠳᠤ ᠲᠥᠷᠥᠯ | ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠤᠩᠬᠤᠪᠴᠢ ᠪᠠᠷ ᠦᠨᠡᠮᠯᠡᠯ ᠣᠯᠭᠤᠬᠤ︾ ᠠᠵᠤ ᠠᠬᠤᠶᠢᠯᠠᠯ | ᠨᠡᠭᠡᠭᠡᠨ ᠡᠷᠭᠢᠯᠡᠬᠦ ᠨᠡᠶᠢᠯᠡᠮᠡᠯ ᠪᠢᠲᠡᠭᠦᠦ ᠴᠠᠭᠠᠷᠢᠭ ᠢ ᠪᠡᠶᠡᠯᠡᠭᠦᠯᠵᠦ᠂ ᠣᠯᠠᠨ ᠲᠦᠮᠡᠨ ᠤ ᠲᠤᠬᠠᠶᠢᠯᠠᠭᠰᠠᠨ ᠠᠵᠢᠯ ᠢᠶᠠᠨ | ᠭᠦᠢᠴᠡᠳᠭᠡᠬᠦ ᠳᠤᠮᠳᠠᠬᠢ ᠬᠦᠴᠢᠷ ᠠᠰᠠᠭᠤᠳᠠᠯ᠂ ᠡᠪᠡᠷᠰᠢᠶᠡᠯ ᠲᠠᠢ ᠭᠠᠵᠠᠷ᠂ ᠲᠦᠭᠵᠢᠷᠡᠯ ᠲᠠᠢ ᠭᠠᠵᠠᠷ ᠢ ᠡᠪᠳᠡᠵᠦ᠂ | ᠠᠵᠤ ᠠᠬᠤᠶᠢᠯᠠᠯ ᠤᠨ ᠣᠯᠠᠨ ᠲᠦᠮᠡᠨ ᠳᠤ ᠪᠠᠷᠢᠮᠵᠢᠶᠠᠵᠢᠭᠰᠠᠨ᠂ ᠬᠥᠮᠥᠡᠯᠢᠭ᠂ ᠳᠥᠭᠦᠮᠴᠢᠯᠡᠭᠰᠡᠨ ᠠᠵᠢᠯ ᠶᠠᠪᠤᠳᠠᠯ | ᠭᠦᠢᠴᠡᠳᠭᠡᠬᠦ ᠣᠶᠢᠯᠠᠭᠠᠯᠲᠠ ᠶᠢ ᠬᠠᠩᠭᠠᠪᠠ᠃ | ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ︽ᠨᠢᠭᠡ ᠴᠤᠩᠬᠤᠪᠴᠢ ᠪᠠᠷ ᠶᠡᠷᠦᠩᠬᠡᠶᠢᠯᠡᠨ | ᠭᠦᠢᠴᠡᠳᠭᠡᠬᠦ︾ ᠬᠤᠷᠠᠮᠠᠯ ᠦᠢᠯᠡᠴᠢᠯᠡᠭᠡᠨ ᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠤ ᠠᠬᠤᠶᠢᠯᠠᠯ ᠤᠨ ᠠᠮᠢ | ᠨᠠᠰᠤᠨ ᠤ ᠦᠶᠡᠯᠡᠯ ᠤᠨ ᠬᠤᠭᠤᠴᠠᠭᠠᠨ ᠤ ᠬᠤᠷᠠᠮᠠᠯ ᠦᠢᠯᠡᠴᠢᠯᠡᠭᠡᠨ ᠤ ᠥᠭᠡᠷᠡᠴᠢᠯᠡᠯᠲᠡ ᠶᠢ ᠢᠳᠡᠪᠬᠢᠲᠡᠶ ᠪᠠᠷ | ᠬᠠᠶᠢᠨ ᠰᠦᠪᠡᠭᠴᠢᠯᠡᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠴᠠᠭ ᠢ ᠪᠠᠭᠠᠰᠬᠠᠨ᠂ ᠠᠵᠤ | ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ ᠠᠷᠪᠢᠯᠠᠵᠤ᠂ ᠠᠵᠤ ᠠᠬᠤᠶᠢᠯᠠᠯ ᠣᠯᠠᠨ | ᠲᠦᠮᠡᠨ ᠢ ᠠᠵᠢᠯ ᠶᠠᠪᠤᠳᠠᠯ ᠳᠤ ᠠᠷᠪᠢᠲᠠᠶ ᠴᠠᠭ ᠲᠤ ᠠᠷᠪᠢᠲᠠᠶ ᠪᠠᠶᠢᠯᠭᠠᠨ᠎ᠠ᠃ | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | |