ᠢᠦᠶ ᠴᠢᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠵᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/7/5
     ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠳᠠᠭᠠᠭᠤᠯᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠬᠤ ᠶᠢᠨ ᠲᠥᠯᠥᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠬᠦ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠬᠦᠬᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ ᠤᠨ ᠵᠢᠷᠭᠤᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ᠂ ᠢᠦᠶ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠵᠢᠭᠠᠨ ᠰᠤᠷᠭᠠᠬᠤ ᠪᠦᠯᠬᠦᠮ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠶ ᠲᠤᠰᠬᠠᠶ ᠰᠡᠳᠦᠪᠲᠦ ᠲᠠᠶᠢᠯᠤᠮᠵᠢ ᠶᠢ ᠬᠢᠨᠠᠮᠠᠭᠠᠶ ᠰᠣᠨᠣᠰᠪᠠ᠃
     ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠵᠢᠭᠠᠨ ᠰᠤᠷᠭᠠᠬᠤ ᠪᠦᠯᠬᠦᠮ ᠤᠨ ᠯᠧᠺᠲ᠋ᠣᠷ ᠮᠦᠴᠢᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠬᠠᠭᠳᠠᠬᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠢᠷᠡᠯᠳᠡ ᠵᠡᠷᠭᠡ ᠵᠢᠷᠭᠤᠭᠠᠨ ᠲᠠᠯ᠎ᠠ ᠠᠴᠠ ᠨᠠᠷᠢᠨ ᠲᠠᠶᠢᠯᠤᠮᠵᠢ ᠬᠢᠵᠡᠢ᠃ ︽ᠨᠢᠭᠡ ᠤᠨᠤᠯ ᠤᠨ ᠰᠢᠰᠲ᠋ᠧᠮ ᠤᠨ ᠦᠨᠳᠦᠰᠦᠨ ᠠᠭᠤᠯᠭ᠎ᠠ ᠨᠢ ᠴᠥᠮ ᠤᠨᠤᠯ ᠤᠨ ᠤᠬᠢ ᠰᠣᠳᠣ ᠪᠠᠷ ᠰᠠᠭᠤᠷᠢ ᠪᠣᠯᠭᠠᠭᠰᠠᠨ ᠶᠤᠮ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠤᠢᠢᠯᠠᠭᠠᠨ ᠡᠵᠡᠮᠰᠢᠬᠦ ᠳᠤ ᠡᠷᠬᠡᠪᠰᠢ ᠲᠡᠭᠦᠨ ᠤ ᠤᠨᠤᠯ ᠤᠨ ᠤᠬᠢ ᠰᠣᠳᠣ ᠶᠢ ᠲᠠᠨᠢᠵᠤ ᠡᠵᠡᠮᠰᠢᠬᠦ ᠬᠡᠷᠡᠭᠲᠡᠢ︾᠃ ︽ᠦᠨᠡᠨ ᠠᠴᠠ ᠵᠥᠪ ᠢ ᠡᠷᠢᠬᠦ᠂ ᠠᠷᠠᠳ ᠲᠦᠮᠡᠨ ᠢᠶᠠᠷ ᠭᠤᠣᠯ ᠪᠣᠯᠭᠠᠬᠤ᠂ ᠮᠡᠳᠡᠬᠦᠶ ᠬᠢᠬᠦᠶ ᠶᠢ ᠨᠢᠭᠡᠳᠬᠡᠬᠦ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠴᠢᠮᠥᠭᠡ ᠪᠣᠯᠤᠭᠰᠠᠨ ᠤ ᠬᠤᠪᠢ ᠳᠤ᠂ ᠴᠢᠬᠤᠯᠠ ᠲᠡᠦᠬᠡ ᠶᠢᠨ ᠦᠨ᠎ᠡ ᠦᠷᠳᠡᠭ ᠲᠠᠢ ᠪᠠᠶᠢᠬᠤ ᠪᠠᠷ ᠪᠠᠷᠠᠬᠤ ᠦᠭᠡᠢ ᠪᠠᠰᠠ ᠴᠢᠬᠤᠯᠠ ᠤᠨᠤᠯ ᠤᠨ ᠦᠨ᠎ᠡ ᠦᠷᠳᠡᠭ ᠪᠠ ᠦᠢᠯᠡᠳᠦᠯᠭᠡ ᠶᠢᠨ ᠦᠨ᠎ᠡ ᠦᠷᠳᠡᠭ ᠲᠠᠢ ᠶᠤᠮ᠃
     ᠢᠦᠢ ᠴᠢᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠭᠤᠤ ᠶᠡᠭᠡ ᠦᠢᠯᠡᠳᠦᠯᠭᠡ ᠳᠤᠮᠳᠠ᠂ ᠦᠵᠡᠯ ᠰᠠᠨᠠᠭ᠎ᠠ ᠪᠠᠷ ᠬᠦᠳᠦᠯᠦᠨ ᠳᠠᠭᠠᠭᠤᠯᠬᠤ ᠲᠤᠭ ᠢ ᠡᠷᠭᠦᠵᠦ᠂ ᠨᠡᠩ ᠴᠤᠭ ᠪᠠᠳᠠᠷᠠᠩᠭᠤᠢ ᠲᠦᠷᠢ ᠲᠥᠷᠬᠦ ᠪᠠᠷ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯᠲᠠᠳ ᠤᠨ ᠰᠡᠳᠬᠢᠯ ᠵᠢᠷᠦᠬᠡ ᠪᠠᠨ ᠨᠠᠮ ᠳᠠᠭᠠᠨ ᠬᠠᠨᠳᠤᠭᠤᠯᠵᠤ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠶᠢ ᠲᠠᠶᠢᠯᠪᠤᠷᠢᠯᠠᠵᠤ᠂ ᠪᠣᠯᠪᠠᠰᠤᠨ᠂ ᠭᠤᠶᠤ ᠰᠠᠶᠢᠬᠠᠨ᠂ ᠵᠣᠯ ᠵᠢᠷᠭᠠᠯᠲᠤ ᠰᠢᠨ᠎ᠡ ᠢᠦᠢ ᠴᠢᠤᠸᠠᠨ ᠢ ᠪᠦᠳᠦᠭᠡᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃
              ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号