ᠢᠦᠶ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ | ᠠᠵᠢᠯ ᠢ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠶᠢ ᠳᠥᠯᠭᠢᠨ ᠠᠬᠢᠭᠤᠯᠬᠤ ᠶᠢᠨ ᠲᠤᠰᠠᠳᠠ᠂ | ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ | ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠣᠯᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠮᠠᠨ ᠤ ᠲᠣᠪᠴᠢᠶ᠎ᠠ ᠢᠦᠶ ᠴᠢᠤᠸᠠᠨ | ᠲᠣᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ︽ᠡᠭᠦᠷᠭᠡ ᠴᠢᠳᠠᠪᠤᠷᠢ ᠲᠤᠰᠢᠶᠠᠯ | ᠬᠠᠷᠢᠭᠤᠴᠠᠯᠭ᠎ᠠ ᠪᠠᠨ ᠰᠢᠯᠢᠳᠡᠭᠵᠢᠭᠦᠯᠵᠦ᠂ ᠠᠵᠢᠯ ᠤᠨ ᠶᠠᠪᠤᠴᠠ ᠪᠠᠨ ᠰᠢᠯᠢᠳᠡᠭᠵᠢᠭᠦᠯᠬᠦ︾ ︵ᠳᠣᠷᠣᠭᠰᠢ ︽ᠬᠤᠶᠠᠷ | ᠢ ᠰᠢᠯᠢᠳᠡᠭᠵᠢᠭᠦᠯᠬᠦ︾ ᠭᠡᠵᠦ ᠲᠣᠪᠴᠢᠯᠠᠨ᠎ᠠ︶ ᠲᠤᠰᠬᠠᠶ ᠠᠵᠢᠯᠯᠠᠭ᠎ᠠ ᠶᠢᠨ ᠳᠣᠲᠣᠭᠠᠳᠤ᠂ ᠭᠠᠳᠠᠭᠠᠳᠤ ᠵᠦᠢᠯᠡᠰ ᠤᠨ | ︽ᠨᠢᠭᠡ ᠶᠢ ᠴᠢᠯᠥᠭᠡᠲᠡᠶ ᠲᠠᠯᠪᠢᠵᠤ ᠭᠤᠷᠪᠠ ᠶᠢ ᠪᠠᠭᠠᠰᠬᠠᠬᠤ︾ ᠠᠵᠢᠯ ᠢ ᠲᠦᠷᠦᠭᠦᠯᠡᠨ ᠥᠷᠨᠢᠭᠦᠯᠪᠡ᠃ | ᠮᠠᠨ ᠤ ᠲᠤᠭᠤᠷᠢᠭ ︽ᠬᠤᠶᠠᠷ ᠢ ᠰᠢᠯᠢᠳᠡᠭᠵᠢᠭᠦᠯᠬᠦ︾ ᠠᠵᠢᠯ ᠢ ᠬᠡᠷᠡᠭᠵᠢᠭᠦᠯᠬᠦ ᠳᠡᠭᠡᠨ ᠡᠷᠬᠡ ᠶᠢ ᠬᠡᠳᠦᠶ | ᠳᠣᠷᠣᠭᠰᠢ ᠪᠠᠭᠤᠯᠭᠠᠭᠰᠠᠨ᠂ ᠬᠡᠷᠡᠭ ᠶᠠᠪᠤᠳᠠᠯ ᠭᠦᠢᠴᠡᠳᠭᠡᠬᠦ ᠴᠢᠬᠤᠯᠠ ᠨᠥᠬᠦᠴᠡᠯ ᠢ ᠬᠡᠳᠦᠶ ᠴᠣᠮᠬᠠᠳᠬᠠᠭᠰᠠᠨ᠂ | ᠲᠠᠰ ᠳᠠᠷᠠᠭᠠᠯᠠᠯ ᠤᠨ ᠭᠤᠭᠴᠤᠭ᠎ᠠ ᠶᠢ ᠬᠡᠳᠦᠶ ᠪᠠᠭᠠᠰᠬᠠᠭᠰᠠᠨ᠂ ᠬᠡᠷᠡᠭ ᠶᠠᠪᠤᠳᠠᠯ ᠭᠦᠢᠴᠡᠳᠭᠡᠬᠦ ᠴᠠᠭ ᠤᠨ ᠬᠢᠵᠠᠭᠠᠷ ᠢ | ᠬᠡᠳᠦᠶ ᠪᠤᠭᠤᠨᠢᠰᠬᠠᠭᠰᠠᠨ︾ ᠭᠡᠳᠡᠭ ᠢᠶᠠᠷ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠴᠢᠬᠤᠯᠠ ᠪᠠᠷᠢᠮᠵᠢᠶ᠎ᠠ | ᠪᠣᠯᠭᠠᠵᠤ᠂ ᠡᠯ᠎ᠡ ᠵᠦᠢᠯ ᠤᠨ ᠵᠠᠰᠠᠭ ᠤᠨ ᠶᠠᠪᠤᠳᠠᠯ ᠤᠨ ᠠᠵᠢᠯ ᠤᠨ ᠦᠳᠲᠡᠷ ᠲᠦᠷᠭᠡᠨ ᠢᠶᠠᠷ ᠴᠢᠩᠭᠠᠷᠠᠨ᠂ | ᠬᠥᠳᠡᠯᠦᠯᠴᠡᠨ ᠬᠦᠲᠦᠯᠦᠯᠴᠡᠬᠦ ᠶᠢ ᠲᠦᠯᠬᠢᠨ ᠠᠬᠢᠭᠤᠯᠵᠤ᠂ ᠲᠤᠭᠤᠷᠢᠭ ᠤᠨ ᠱᠠᠲᠤᠨ ᠤ ᠡᠯ᠎ᠡ ᠵᠦᠢᠯ ᠤᠨ ᠠᠵᠢᠯ ᠢ | ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠳᠤ ᠬᠦᠴᠦᠲᠡᠶ ᠦᠢᠯᠡᠴᠢᠯᠡᠭᠡ ᠪᠠ ᠪᠠᠲᠤᠯᠠᠭ᠎ᠠ ᠬᠠᠩᠭᠠᠪᠠ᠃ | ᠣᠲᠣ ᠪᠣᠯᠲᠠᠯ᠎ᠠ᠂ ︽ᠬᠤᠶᠠᠷ ᠢ ᠰᠢᠯᠢᠳᠡᠭᠵᠢᠭᠦᠯᠬᠦ︾ ᠦᠷ᠎ᠡ ᠪᠦᠲᠦᠭᠡᠯ ᠨᠢ ᠨᠡᠶᠢᠲᠡ 18 ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠨ ᠨᠢᠭᠡᠴᠡ ᠶᠢ ᠬᠠᠮᠤᠷᠴᠤ᠂ ᠢᠦᠶ ᠴᠢᠤᠸᠠᠨ ᠲᠣᠭᠤᠷᠢᠭ ᠤᠨ ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠨ ︽ᠶᠡᠷᠦᠩᠬᠡᠶᠢᠯᠡᠭᠰᠡᠨ ᠴᠤᠩᠬᠤᠪᠴᠢ︾ ᠶᠢᠨ ᠥᠭᠡᠷᠡᠴᠢᠯᠡᠯᠲᠡ᠂ ︽ᠨᠢᠭᠡ ᠯᠡ | ᠤᠳᠠᠭ᠎ᠠ ᠳᠤ ᠭᠦᠢᠴᠡᠳᠭᠡᠬᠦ︾᠂ ᠦᠨᠡᠮᠯᠡᠯ ᠢ ᠬᠠᠰᠤᠵᠤ ᠠᠷᠠᠳ ᠲᠤ ᠲᠥᠬᠦᠮ ᠦᠵᠡᠭᠦᠯᠬᠦ ᠵᠡᠷᠭᠡ ᠠᠷᠭ᠎ᠠ | ᠮᠠᠶ᠋ᠢᠭ ᠢᠶᠠᠷ ᠳᠡᠮᠵᠢᠨ 406 ᠵᠦᠢᠯ ᠤᠨ ᠤᠴᠢᠷ ᠶᠠᠪᠤᠳᠠᠯ ᠢ ᠰᠢᠯᠢᠳᠡᠭᠵᠢᠭᠦᠯᠪᠡ᠂ ᠡᠭᠦᠨ ᠳᠤ ᠭᠠᠳᠠᠨᠠᠬᠢ ᠤᠴᠢᠷ | ᠶᠠᠪᠤᠳᠠᠯ 401 ᠵᠦᠢᠯ᠂ ᠳᠣᠲᠣᠭᠠᠳᠤ ᠶᠢᠨ ᠤᠴᠢᠷ ᠶᠠᠪᠤᠳᠠᠯ 5 ᠵᠦᠢᠯ ᠪᠣᠶ᠃ ︽ᠴᠢᠬᠤᠯᠠ ᠨᠥᠬᠦᠴᠡᠯ ᠢ | ᠬᠠᠰᠤᠬᠤ᠂ ᠵᠠᠩᠭᠢᠯᠠᠭ᠎ᠠ ᠶᠢ ᠬᠠᠰᠤᠬᠤ᠂ ᠴᠠᠭ ᠤᠨ ᠬᠢᠵᠠᠭᠠᠷ ᠢ ᠬᠠᠰᠤᠬᠤ︾ ᠲᠠᠯ᠎ᠠ ᠪᠠᠷ᠂ ᠬᠡᠷᠡᠭ ᠡᠷᠬᠢᠯᠡᠬᠦ ᠴᠢᠬᠤᠯᠠ | ᠨᠥᠬᠦᠴᠡᠯ ᠢ 127 ᠬᠤᠪᠢ ᠴᠣᠮᠬᠠᠳᠬᠠᠵᠤ᠂ ᠴᠣᠮᠬᠠᠳᠬᠠᠭᠰᠠᠨ ᠨᠤᠷᠮ᠎ᠠ 4.45% ᠳᠤ ᠬᠦᠷᠪᠡ︔ ᠲᠡᠰ | ᠳᠠᠷᠠᠭᠠᠯᠠᠯ ᠤᠨ ᠭᠤᠭᠴᠤᠭ᠎ᠠ 263 ᠬᠤᠪᠢ ᠬᠠᠰᠤᠭᠳᠠᠵᠤ᠂ ᠴᠣᠮᠬᠠᠳᠬᠠᠭᠰᠠᠨ ᠨᠤᠷᠮ᠎ᠠ 11.5% ᠳᠤ ᠬᠦᠷᠪᠡ︔ | ᠬᠡᠷᠡᠭ ᠡᠷᠬᠢᠯᠡᠬᠦ ᠴᠠᠭ ᠤᠨ ᠬᠢᠵᠠᠭᠠᠷ ᠢ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠤᠨ ᠰᠠᠭᠤᠷᠢᠨ ᠳᠡᠭᠡᠷ᠎ᠡ | 8136 ᠡᠳᠦᠷ ᠤᠨ ᠬᠤᠭᠤᠴᠠᠭ᠎ᠠ ᠶᠢ ᠪᠠᠭᠠᠰᠬᠠᠵᠤ᠂ ᠪᠠᠭᠠᠰᠬᠠᠭᠰᠠᠨ ᠨᠤᠷᠮ᠎ᠠ 51.56% ᠳᠤ ᠬᠦᠷᠪᠡ᠃ ᠣᠯᠠᠨ | ᠲᠦᠮᠡᠨ ᠳᠤ ︽ᠬᠤᠶᠠᠷ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠨᠡᠨ ᠬᠦ | ᠮᠡᠳᠡᠷᠡᠭᠦᠯᠵᠦ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠪᠡ᠃ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |