︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠪᠤᠷ ᠤᠨ ᠰᠢᠨ᠎ᠡ ᠶᠢ | ᠡᠭᠦᠳᠬᠦ ᠶᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠬᠤ | ᠵᠥᠪᠰᠢᠶᠡᠷᠡᠯ ᠤᠨ ᠮᠡᠳᠡᠭᠡ ᠵᠠᠩᠭᠢᠵᠢᠯᠲᠠ᠂ ᠤᠶᠤᠨᠴᠢᠯᠠᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠢ | ᠲᠠᠰᠤᠷᠠᠯᠲᠠ ᠦᠭᠡᠶ ᠳᠡᠭᠡᠭᠰᠢᠯᠡᠭᠦᠯᠬᠦ ᠶᠢᠨ ᠲᠦᠯᠦᠭᠡ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠲᠣᠰ ᠲᠤᠭᠤᠷᠢᠭ ᠤᠨ | ᠪᠣᠳᠠᠲᠠᠶ ᠲᠠᠢ ᠪᠠᠨ ᠤᠶᠠᠯᠳᠤᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠪᠥᠬᠦ | ᠶᠠᠪᠤᠴᠠ ᠳᠤ ᠬᠠᠪᠰᠤᠷᠤᠨ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ︾ ᠵᠡᠷᠭᠡ ᠠᠷᠠᠳ ᠤᠨ | ᠠᠮᠢᠳᠤᠷᠠᠯ ᠤᠨ ᠪᠠᠴᠢᠮ ᠬᠡᠷᠡᠭᠴᠡᠭᠡ ᠶᠢ ᠰᠢᠭᠢᠳᠬᠡᠨ ᠣᠷᠣᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ | ᠠᠵᠢᠯ ᠶᠠᠪᠤᠳᠠᠯ ᠭᠦᠢᠴᠡᠳᠭᠡᠬᠦ ᠳᠤ ᠨᠠᠩ ᠥᠨᠳᠥᠷ ᠪᠦᠲᠦᠮᠵᠢᠲᠡᠶ᠂ ᠨᠠᠩ ᠲᠥᠬᠦᠮ ᠪᠠᠶᠢᠬᠤ ᠪᠠᠷ ᠤᠳᠤᠷᠢᠳᠤᠮᠵᠢ | ᠪᠣᠯᠭᠠᠵᠤ᠂ ᠠᠵᠤ ᠠᠬᠤᠶᠢᠯᠠᠯ ᠤᠨ ᠣᠯᠠᠨ ᠲᠦᠮᠡᠨ ᠳᠤ ᠠᠰᠠᠷᠠᠭᠴᠢ ᠮᠠᠶ᠋ᠢᠭ ᠤᠨ᠂ ︽ᠨᠢᠭᠡ ᠳᠤ ᠨᠢᠭᠡ︾᠂ ︽ | ᠴᠢᠩ ᠰᠡᠳᠬᠢᠯ ᠠᠴᠠ ᠪᠠᠨ︾ ᠬᠠᠪᠰᠤᠷᠤᠨ ᠭᠦᠢᠴᠡᠳᠭᠡᠬᠦ ᠪᠠ ᠣᠷᠣᠯᠠᠨ ᠭᠦᠢᠴᠡᠳᠭᠡᠬᠦ ᠦᠢᠯᠡᠴᠢᠯᠡᠭᠡ | ᠬᠠᠩᠭᠠᠬᠤ ᠪᠠᠷ ᠳᠡᠮᠵᠢᠨ᠂ ᠮᠠᠨ ᠤ ᠲᠤᠭᠤᠷᠢᠭ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠦᠷᠭᠡᠨ | ᠨᠡᠮᠡᠭᠳᠡᠬᠦ ᠶᠢ ᠠᠬᠢᠭᠤᠯᠤᠨ᠎ᠠ᠃ | | | | | ᠰᠦᠯᠵᠢᠶᠡᠨ ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠰᠦᠯᠵᠢᠶᠡᠨ ᠳᠡᠭᠡᠷ᠎ᠡ ᠮᠡᠳᠡᠭᠦᠯᠬᠦ ᠲᠠᠪᠴᠠᠩ︶︾ ᠪᠣᠯᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ︾ ᠢ ᠨᠡᠪᠲᠡᠷᠡᠭᠦᠯᠵᠦ᠂ ᠪᠥᠬᠦ ᠶᠠᠪᠤᠴᠠ ᠳᠤ ᠡᠯᠧᠺᠲᠷᠣᠨ ᠢᠶᠠᠷ ᠭᠦᠢᠴᠡᠳᠭᠡᠬᠦ ᠴᠤᠪᠤᠷᠠᠯ ᠢ | ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠵᠠᠭᠪᠤᠷ ᠢ ᠪᠠᠶᠠᠯᠢᠭᠵᠢᠭᠤᠯᠤᠨ᠂ ᠠᠵᠤ ᠠᠬᠤᠶᠢᠯᠠᠯ᠂ ᠬᠤᠪᠢ ᠶᠢᠨ ᠠᠵᠤ | ᠦᠢᠯᠡᠳᠪᠦᠷᠢ ᠬᠤᠳᠠᠯᠳᠤᠭᠠᠨ ᠤ ᠡᠷᠦᠬᠡ ᠶᠢ ᠣᠶᠤᠨᠴᠢ ᠪᠠᠷ ᠳᠠᠩᠰᠠᠯᠠᠬᠤ᠂ ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠭᠡᠬᠦ᠂ ᠬᠢᠨᠠᠨ ᠵᠥᠪᠰᠢᠶᠡᠷᠡᠬᠦ ᠦᠵᠦᠭᠦᠷ ᠤᠨ ᠢᠨᠲ᠋ᠧᠷ ᠰᠦᠯᠵᠢᠶ᠎ᠡ ᠪᠠᠷ ᠬᠢᠨᠠᠨ ᠬᠠᠷᠭᠤᠭᠤᠯᠬᠤ ᠶᠢ | ᠪᠡᠶᠡᠯᠡᠭᠦᠯᠵᠦ᠂ ᠣᠯᠠᠨ ᠠᠷᠭ᠎ᠠ ᠬᠡᠮᠵᠢᠶ᠎ᠡ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠡᠯᠧᠺᠲᠷᠤᠨᠴᠢᠯᠡᠭᠰᠡᠨ | ᠳᠠᠩᠰᠠᠯᠠᠬᠤ ᠥᠭᠡᠷᠡᠴᠢᠯᠡᠯᠲᠡ ᠶᠢᠨ ᠡᠷᠴᠢᠮ ᠢ ᠲᠦᠷᠭᠡᠳᠬᠡᠨ ᠠᠬᠢᠭᠤᠯᠤᠨ᠎ᠠ᠃ | ᠨᠢᠭᠡ ᠳᠤ ᠨᠡᠶᠢᠭᠡᠮ ᠤᠨ ᠤᠬᠠᠭᠤᠯᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠨ᠎ᠠ᠃ ᠸᠢᠴᠠᠲ ᠤᠨ ᠪᠦᠯᠦᠭ᠂ ᠨᠡᠶᠢᠲᠡ ᠶᠢᠨ ᠳ᠋ᠤᠭᠠᠷ ᠵᠢᠴᠢ ᠰᠦᠯᠵᠢᠶᠡᠨ ᠠᠴᠠ ᠭᠠᠳᠠᠭᠤᠷ ᠨᠢᠭᠤᠷᠲᠠᠨ | ᠬᠦᠢᠴᠡᠳᠭᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠣᠯᠠᠨ | ᠲᠦᠮᠡᠨ ᠳᠤ ᠤᠯᠠᠮᠵᠢᠯᠠᠯᠲᠤ ᠴᠤᠩᠬᠤᠨ ᠳᠡᠭᠡᠷ᠎ᠡ ᠭᠦᠢᠴᠡᠳᠭᠡᠵᠦ ᠪᠠᠶᠢᠭᠰᠠᠨ ᠢ ᠰᠦᠯᠵᠢᠶᠡᠨ ᠳᠡᠭᠡᠷ᠎ᠡ ᠭᠤᠶᠤᠴᠢᠯᠠᠨ | ᠭᠦᠢᠴᠡᠳᠭᠡᠬᠦ ᠪᠣᠯᠭᠠᠨ ᠬᠤᠪᠢᠷᠠᠭᠤᠯᠬᠤ ᠰᠢᠨ᠎ᠡ ᠣᠶᠢᠯᠠᠭᠠᠭᠳᠠᠬᠤᠨ ᠢ ᠤᠬᠠᠭᠤᠯᠵᠤ᠂ ᠠᠵᠤ ᠠᠬᠤᠶᠢᠯᠠᠯ ᠤᠨ ᠣᠯᠠᠨ | ᠲᠦᠮᠡᠨ ᠳᠤ ᠪᠥᠬᠦ ᠶᠠᠪᠤᠴᠠ ᠶᠢᠨ ᠡᠯᠧᠺᠲᠷᠤᠨᠴᠢᠯᠡᠭᠰᠡᠨ ᠳᠡᠩᠰᠡᠯᠡᠯᠲᠡ ᠶᠢᠨ ᠲᠥᠬᠦᠮ ᠴᠢᠨᠠᠷ ᠪᠠ ᠠᠵᠢᠯᠯᠠᠬᠤ | ᠠᠷᠭ᠎ᠠ ᠶᠢ ᠭᠦᠢᠴᠡᠳ ᠣᠶᠢᠯᠠᠭᠠᠭᠤᠯᠵᠤ᠂ ᠣᠯᠠᠨ ᠲᠦᠮᠡᠨ ᠤ ᠰᠦᠯᠵᠢᠶᠡᠨ ᠳᠡᠭᠡᠷ᠎ᠡ ᠳᠠᠩᠰᠠᠯᠠᠬᠤ ᠬᠠᠯᠠᠭᠤᠨ | ᠰᠡᠳᠬᠢᠯᠭᠡ ᠶᠢ ᠳᠡᠭᠡᠭᠰᠢᠯᠡᠭᠦᠯᠦᠨ᠂ ︽ᠨᠢᠭᠤᠷᠳᠠᠨ ᠭᠦᠢᠴᠡᠳᠭᠡᠵᠦ︾ ᠪᠠᠶᠢᠭᠰᠠᠨ ᠠᠴᠠ ᠪᠠᠨ ︽ᠰᠦᠯᠵᠢᠶ᠎ᠡ︾ ᠪᠠᠷ | ᠠᠵᠢᠯ ᠶᠠᠪᠤᠳᠠᠯ ᠭᠦᠢᠴᠡᠳᠭᠡᠬᠦ ᠠᠷᠭ᠎ᠠ ᠮᠠᠶ᠋ᠢᠭ ᠤᠨ ᠴᠢᠬᠤᠯᠠ ᠶᠡᠭᠡ ᠬᠤᠪᠢᠷᠠᠯᠲᠠ ᠶᠢ ᠠᠬᠢᠭᠤᠯᠵᠤ᠂ ᠣᠯᠠᠨ | ᠲᠦᠮᠡᠨ ᠢ ᠬᠡᠷ ᠠᠴᠠ ᠪᠠᠨ ᠭᠠᠷᠬᠤ ᠥᠬᠡᠶ ᠪᠠᠷ ᠰᠦᠯᠵᠢᠶᠡᠨ ᠳᠡᠭᠡᠷ᠎ᠡ ᠳᠠᠩᠰᠠᠯᠠᠬᠤ᠂ ᠪᠠᠶᠢᠭᠤᠯᠬᠤ᠂ ᠬᠤᠪᠢᠷᠠᠭᠤᠯᠬᠤ᠂ | ᠬᠦᠴᠦᠨ ᠥᠬᠡᠶ ᠪᠣᠯᠭᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠬᠦᠷᠦᠭᠦᠯᠦᠨ᠎ᠡ᠃ | ᠬᠤᠶᠠᠷ ᠲᠤ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠪᠠᠲᠤᠯᠠᠭ᠎ᠠ ᠶᠢᠨ ᠠᠵᠢᠯ ᠢ ᠰᠠᠶᠢᠲᠤᠷ | ᠬᠢᠨ᠎ᠠ᠃ ︽ᠥᠪᠡᠰᠦᠪᠡᠨ ᠦᠢᠯᠡᠴᠢᠯᠡᠬᠦ ᠦᠢᠯᠡᠴᠢᠯᠡᠭᠡ︾ ᠬᠠᠩᠭᠠᠵᠤ᠂ ᠥᠪᠡᠰᠦᠪᠡᠨ ᠦᠢᠯᠡᠴᠢᠯᠡᠬᠦ ᠲᠣᠭᠤᠷᠢᠭ ᠲᠤ | ᠢᠨᠲ᠋ᠧᠷ ᠰᠦᠯᠵᠢᠶᠡᠨ ᠤ ᠺᠣᠮᠫᠢᠦ᠋ᠲ᠋ᠧᠷ᠂ ᠢᠯᠡ ᠨᠡᠶᠢᠲᠡᠯᠡᠬᠦ ᠲᠠᠪᠴᠠᠩ ᠤᠨ ᠠᠵᠢᠯᠯᠠᠭᠠᠨ ᠤ ᠴᠤᠪᠤᠷᠠᠯ ᠢ | ᠳᠣᠭᠢᠷᠠᠭᠤᠯᠵᠤ᠂ ᠲᠤᠰᠬᠠᠶ ᠬᠥᠮᠦᠨ ᠳᠣᠭᠢᠷᠠᠭᠤᠯᠤᠨ ᠦᠢᠯᠡᠴᠢᠯᠡᠭᠡᠨ ᠤ ᠪᠥᠬᠦ ᠶᠠᠪᠤᠴᠠ ᠶᠢᠨ ᠡᠯᠧᠺᠲᠷᠤᠨᠴᠢᠯᠡᠭᠰᠡᠨ | ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠬᠤ ᠶᠢ ᠬᠠᠷᠢᠭᠤᠴᠠᠭᠤᠯᠤᠨ᠎ᠠ᠃ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠨᠡᠭᠡᠭᠡᠨ ᠡᠷᠭᠢᠯᠡᠬᠦ ᠴᠠᠭ ᠢ ᠤᠯᠠᠮ ᠨᠢᠭᠡ ᠠᠯᠬᠤᠮ ᠪᠠᠭᠠᠰᠬᠠᠵᠤ᠂ ᠣᠯᠠᠨ ᠲᠦᠮᠡᠨ ᠳᠤ | ᠵᠢᠩᠬᠢᠨᠢ ᠪᠣᠳᠠᠲᠤ ᠠᠰᠢᠭ ᠪᠠ ᠲᠥᠬᠦᠮ ᠦᠵᠡᠭᠦᠯᠦᠨ᠎ᠡ᠃ | ᠭᠤᠷᠪᠠ ᠳᠤ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠵᠢᠯᠲᠠᠳ ᠲᠤ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ | ᠠᠵᠢᠯ ᠪᠠ ᠦᠢᠯᠡᠴᠢᠯᠡᠭᠡᠨ ᠤ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ᠂ ᠴᠤᠪᠤᠷᠠᠯ ᠨᠢ ᠰᠢᠯᠢᠳᠡᠭ᠂ | ᠭᠤᠭᠴᠤᠭ᠎ᠠ ᠨᠢ ᠴᠥᠭᠡᠨ᠂ ᠴᠠᠭ ᠨᠢ ᠣᠬᠤᠷ᠂ ᠦᠷ᠎ᠡ ᠪᠦᠲᠦᠮᠵᠢ ᠨᠢ ᠥᠨᠳᠥᠷ᠂ ᠦᠢᠯᠡᠴᠢᠯᠡᠭᠡ ᠨᠢ ᠰᠠᠶᠢᠨ | ᠲᠡᠷᠢᠭᠦᠨ ᠤ ᠪᠦᠯᠬᠦᠮ ᠨᠡᠶᠢᠲᠡ ᠶᠢ ᠴᠢᠷᠮᠠᠶᠢᠨ ᠪᠣᠶ ᠪᠣᠯᠭᠠᠵᠤ᠂ ᠲᠤᠬᠠᠶ ᠶᠢᠨ ᠲᠠᠯᠠᠪᠤᠷ ᠲᠤ ᠭᠥᠯᠢᠶᠡᠨ ᠠᠪᠴᠤ | ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ᠂ ᠠᠵᠢᠯ ᠢᠶᠠᠨ ᠬᠤᠪᠢᠶᠠᠷᠢᠯᠠᠨ ᠠᠬᠢᠭᠤᠯᠬᠤ ᠵᠠᠭᠪᠤᠷ ᠢ | ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠨᠠᠩ ᠬᠠᠯᠠᠭᠤᠨ ᠳᠤᠯᠠᠭᠠᠨ᠂ ᠨᠠᠩ ᠦᠷ᠎ᠡ | ᠪᠦᠲᠦᠮᠵᠢ ᠲᠠᠢ ᠪᠣᠯᠭᠠᠨ᠎ᠠ᠃ | 2023 ᠣᠨ ᠤ ᠭᠤᠷᠪᠠᠳᠤᠭᠠᠷ ᠤᠯᠠᠷᠢᠯ ᠠᠴᠠ ᠨᠠᠭᠠᠰᠢ᠂ ᠮᠠᠨ ᠤ ᠲᠤᠭᠤᠷᠢᠭ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠪᠥᠬᠦ ᠶᠠᠪᠤᠴᠠ ᠳᠤ ᠡᠯᠧᠺᠲ᠋ᠤᠷᠤᠨᠴᠢᠯᠡᠬᠦ ᠪᠠᠷ | ᠳᠠᠮᠵᠢᠭᠤᠯᠤᠨ 7000 ᠭᠠᠷᠤᠶ ᠬᠤᠪᠢ ᠭᠦᠢᠴᠡᠳᠭᠡᠵᠦ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ | ᠦᠨᠡᠨ ᠪᠣᠳᠠᠲᠠᠶ ᠲᠥᠬᠦᠮ ᠦᠵᠡᠭᠦᠯᠵᠦ᠂ ᠥᠷᠭᠡᠨ ᠣᠯᠠᠨ ᠲᠦᠮᠡᠨ ᠤ ᠬᠠᠮᠲᠤ ᠶᠢᠨ ᠮᠠᠭᠲᠠᠭᠠᠯ ᠰᠠᠶᠢᠰᠢᠶᠠᠯ ᠢ | ᠤᠯᠪᠠ᠃ | ᠳᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠦᠬᠦ ᠶᠠᠪᠤᠴᠠ ᠶᠢᠨ | ᠡᠯᠧᠺᠲᠷᠤᠨᠴᠢᠯᠡᠭᠰᠡᠨ ᠤᠬᠠᠭᠤᠯᠭ᠎ᠠ ᠶᠢᠨ ᠡᠷᠴᠢᠮ ᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠣᠯᠠᠨ | ᠲᠦᠮᠡᠨ ᠤ ᠣᠶᠢᠯᠠᠭᠠᠬᠤ ᠬᠡᠮᠵᠢᠶ᠎ᠡ ᠶᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ | ᠪᠣᠯᠬᠤ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ | ᠲᠠᠶᠢᠯᠤᠮᠵᠢ ᠶᠢ ᠰᠠᠶᠢᠲᠤᠷ ᠬᠢᠵᠦ᠂ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠶ ᠪᠠᠷ | ᠬᠠᠷᠢᠭᠤᠯᠲᠠ ᠥᠭᠴᠦ᠂ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠢᠶᠠᠷ ᠣᠷᠣᠯᠴᠠᠭᠰᠠᠨ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠬᠤ ᠶᠢᠨ ᠬᠠᠮᠲᠤ᠂ ᠰᠢᠨ᠎ᠡ ᠮᠠᠶ᠋ᠢᠭ ᠤᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠪᠠᠷ | ᠬᠠᠶᠢᠨ ᠰᠦᠪᠡᠭᠴᠢᠯᠡᠵᠦ᠂ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠳᠠᠪᠤᠷᠢ | ᠣᠯᠭᠤᠵᠤ᠂ ᠪᠠᠷᠢᠮᠵᠢᠶ᠎ᠠ ᠶᠢᠨ ᠴᠤᠪᠤᠷᠠᠯ ᠢ ᠬᠡᠷᠡᠭᠵᠢᠭᠦᠯᠬᠦ ᠶᠢ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠣᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠢ ᠠᠵᠢᠯ ᠶᠠᠪᠤᠳᠠᠯ ᠭᠦᠢᠴᠡᠳᠭᠡᠬᠦ ᠳᠤ ᠨᠠᠩ | ᠰᠠᠨᠠᠭ᠎ᠠ ᠠᠮᠤᠷ ᠪᠣᠯᠭᠠᠵᠤ᠂ ᠨᠠᠩ ᠲᠥᠬᠦᠮ᠂ ᠲᠦᠷᠭᠡᠨ᠂ ᠥᠨᠳᠥᠷ ᠪᠦᠲᠦᠮᠵᠢᠲᠡᠶ ᠵᠠᠬ᠎ᠠ ᠳᠡᠯᠭᠡᠭᠦᠷ ᠲᠤ | ᠵᠥᠪᠰᠢᠶᠡᠷᠡᠨ ᠣᠷᠣᠭᠤᠯᠬᠤ ᠣᠷᠴᠢᠨ ᠨᠦᠬᠦᠴᠡᠯ ᠢ ᠪᠣᠶ ᠪᠣᠯᠭᠠᠨ᠎ᠠ᠃ | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |