ᠵᠧᠦ ᠵᠢᠶᠧ ᠯᠦᠨ ᠤ ᠳᠠᠭᠤᠨ ᠤ ᠦᠳᠡᠰᠢᠯᠡᠭᠡ ᠳᠤ ᠣᠴᠢᠬᠤ ᠳᠤ ᠵᠠᠪᠠᠯ ᠦᠵᠡᠨ᠎ᠡ︕ ᠡᠭᠦᠨ ᠳᠤ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠰᠠᠨᠠᠭᠤᠯᠤᠮᠵᠢ ᠵᠢᠴᠢ ᠡᠷᠬᠢᠨ ᠲᠣᠭᠤᠷᠢᠨ ᠤ ᠲᠡᠷᠭᠡᠨ ᠵᠣᠭᠰᠣᠭᠠᠯ ᠤᠨ ᠪᠠᠶᠢᠳᠠᠯ ᠢ ᠳᠠᠭᠠᠯᠳᠤᠭᠤᠯᠪᠠ ᠁
ᠨᠡᠶᠢᠲᠡᠯᠡᠭᠰᠡᠨ ᠴᠠᠭ᠄
2023/8/16
     2023 ᠵᠧᠤ ᠵᠢᠶᠧ ᠯᠦᠨ ᠤ ︽ᠵᠢᠶᠠ ᠨᠢᠶᠠᠨ ᠬᠤᠸᠠ︾ ᠳᠠᠭᠤᠨ ᠤ ᠦᠳᠡᠰᠢᠯᠡᠭᠡ ᠶᠢᠨ ᠬᠥᠬᠡᠬᠤᠲᠠ ᠥᠷᠲᠡᠭᠡ      8 ᠰᠠᠷ᠎ᠠ ᠶᠢᠨ 17 ᠤ ᠡᠳᠦᠷ ᠠᠴᠠ 20 ᠤ ᠡᠳᠦᠷ ᠪᠣᠯᠲᠠᠯ᠎ᠠ      ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠢ ᠳᠤ ᠶᠠᠪᠤᠭᠳᠠᠨ᠎ᠠ      ᠲᠣᠭᠯᠠᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ      ᠲᠣᠭᠯᠠᠯᠲᠠ ᠶᠢᠨ ᠲᠠᠯᠠᠪᠠᠢ ᠶᠢᠨ ᠡᠷᠬᠢᠨ ᠲᠣᠭᠤᠷᠢᠨ ᠤ ᠵᠠᠮ ᠤᠨ ᠲᠦᠭᠵᠢᠷᠡᠯ ᠢ ᠨᠠᠮᠳᠠᠭᠤᠯᠵᠤ      ᠵᠠᠮ ᠬᠠᠷᠢᠯᠴᠠᠭᠠᠨ ᠤ ᠠᠳᠡᠭᠳᠡᠯ ᠢ ᠰᠡᠷᠭᠡᠶᠢᠯᠡᠵᠦ      ᠲᠣᠭᠯᠠᠯᠲᠠ ᠶᠢ ᠦᠵᠡᠭᠰᠡᠨ ᠣᠯᠠᠨ ᠲᠦᠮᠡᠨ ᠤ ᠳᠥᠭᠦᠮ ᠳᠥᠲᠡ ᠪᠠᠷ ᠲᠤᠬᠠᠶ ᠶᠢᠨ ᠲᠠᠯᠠᠪᠤᠷ ᠲᠤ ᠢᠷᠡᠵᠦ ᠪᠤᠴᠠᠬᠤ ᠶᠢ ᠪᠠᠲᠤᠯᠬᠠᠤ ᠶᠢᠨ ᠲᠦᠯᠦᠭᠡ      ᠲᠠ ᠳᠣᠣᠷᠠᠬᠢ ᠮᠡᠲᠦ ᠭᠠᠳᠠᠭᠰᠢ ᠭᠠᠷᠬᠤ ᠰᠠᠨᠠᠭᠤᠯᠭ᠎ᠠ ᠶᠢ ᠠᠩᠬᠠᠷᠤᠭᠠᠷᠠᠢ
     ᠨᠢᠭᠡ᠂ ᠭᠠᠳᠠᠭᠰᠢ ᠭᠠᠷᠬᠤ ᠰᠠᠨᠠᠭᠤᠯᠤᠮᠵᠢ      ︵ᠨᠢᠭᠡ︶ ᠮᠠᠨ ᠤ ᠬᠤᠲᠠ ᠶᠢᠨ ᠣᠯᠠᠨ ᠲᠦᠮᠡᠨ ᠠᠯᠢ ᠴᠢᠳᠠᠬᠤ ᠪᠠᠷ ᠨᠡᠶᠢᠲᠡ ᠶᠢᠨ ᠮᠠᠰᠢᠨ ᠲᠡᠷᠭᠡ᠂ 2 ᠳ᠋ᠤᠭᠠᠷ ᠱᠤᠭᠤᠮ ᠮᠧᠲᠷᠤ᠋ ᠳᠤ ᠰᠠᠭᠤᠬᠤ ᠶᠢ ᠰᠤᠩᠭᠤᠵᠤ᠂ ᠲᠣᠭᠯᠠᠯᠲᠠ ᠶᠢᠨ ᠠᠬᠤᠶ ᠲᠠᠯᠠᠪᠠᠶ ᠳᠤ ᠢᠷᠡᠵᠦ ᠪᠤᠴᠠᠨ᠎ᠠ︔      ︵ᠬᠤᠶᠠᠷ︶ ᠭᠠᠳᠠᠨ᠎ᠠ ᠭᠠᠵᠠᠷ ᠠᠴᠠ ᠲᠡᠷᠭᠡ ᠵᠢᠯᠤᠭᠤᠳᠴᠤ ᠢᠷᠡᠭᠰᠡᠨ ᠦᠵᠡᠭᠴᠢᠳ  ᠲᠡᠷᠭᠡ ᠪᠠᠨ ᠪᠠᠭᠤᠳᠠᠯ ᠤᠨ ᠵᠤᠭᠰᠤᠭᠠᠯ ᠳᠤ ᠵᠣᠭᠰᠣᠭᠠᠵᠤ᠂ ᠨᠡᠶᠢᠲᠡ ᠶᠢᠨ ᠮᠠᠰᠢᠨ ᠲᠡᠷᠭᠡ ᠪᠤᠶᠤ 2 ᠳ᠋ᠤᠭᠠᠷ ᠱᠤᠭᠤᠮ ᠮᠧᠲᠷᠤ᠋ ᠳᠤ ᠰᠠᠭᠤᠵᠤ ᠲᠣᠭᠯᠠᠯᠲᠠ ᠶᠢᠨ ᠠᠬᠤᠶ ᠲᠠᠯᠠᠪᠠᠶ ᠳᠤ ᠢᠷᠡᠵᠦ ᠪᠤᠴᠠᠨ᠎ᠠ︔      ︵ᠭᠤᠷᠪᠠ︶ ᠮᠧᠲᠷᠤ᠋ ᠶᠢᠨ 2 ᠳ᠋ᠤᠭᠠᠷ ᠱᠤᠭᠤᠮ ᠤᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠥᠷᠲᠡᠭᠡ ᠨᠢ ᠲᠣᠭᠯᠠᠯᠲᠠ ᠶᠢᠨ ᠲᠤᠬᠠᠶ ᠶᠢᠨ ᠲᠠᠯᠠᠪᠠᠶ ᠶᠢᠨ ᠪᠢᠯᠧᠲ ᠰᠢᠯᠭᠠᠬᠤ ᠡᠭᠦᠳᠡ ᠠᠴᠠ ᠮᠠᠰᠢ ᠣᠶᠢᠷᠠᠬᠠᠨ ᠪᠠᠶᠢᠵᠤ᠂ ᠨᠠᠭᠠᠰᠢ ᠴᠠᠭᠠᠰᠢ ᠶᠠᠪᠤᠬᠤ ᠳᠤ ᠨᠠᠩ ᠲᠥᠬᠦᠮ ᠪᠠᠶᠢᠳᠠᠭ︔      ︵ᠳᠥᠷᠪᠡ︶ ᠲᠣᠭᠯᠠᠯᠲᠠ ᠶᠢᠨ ᠬᠤᠭᠤᠴᠠᠭᠠᠨ ᠳᠤ ᠮᠧᠲᠷᠤ᠋᠂ ᠪᠡᠶ᠎ᠡ ᠶᠢᠨ ᠲᠠᠮᠢᠷ ᠤᠨ ᠲᠠᠯᠠᠪᠠᠶ ᠶᠢᠨ ᠡᠷᠬᠢᠨ ᠲᠣᠭᠤᠷᠢᠨ ᠤ ᠨᠡᠶᠢᠲᠡ ᠶᠢᠨ ᠮᠠᠰᠢᠨ ᠲᠡᠷᠭᠡᠨ ᠤ ᠱᠤᠭᠤᠮ ᠤᠨ ᠰᠥᠨᠢ ᠪᠦᠷᠢ ᠶᠢᠨ ᠠᠶᠠᠯᠠᠯ ᠤᠨ ᠴᠠᠭ ᠢ ᠲᠣᠰ ᠲᠣᠰ 23 ᠴᠠᠭ 30 ᠮᠢᠨᠦ᠋ᠲ᠂ 24 ᠴᠠᠭ ᠪᠣᠯᠲᠠᠯ᠎ᠠ ᠤᠷᠲᠤᠳᠬᠠᠨ᠎ᠠ︔      ︵ᠲᠠᠪᠤ︶ ᠳᠠᠭᠤᠨ ᠤ ᠦᠳᠡᠰᠢᠯᠡᠭᠡ ᠶᠢᠨ ᠬᠤᠭᠤᠴᠠᠭᠠᠨ ᠳᠤ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠣᠷᠣᠨ ᠳᠤ ᠣᠷᠣᠭᠤᠯᠬᠤ ᠶᠢ ᠴᠠᠭᠠᠵᠠᠯᠠᠵᠤ᠂ ᠳᠤᠭᠤᠢ ᠲᠡᠷᠭᠡ ᠪᠠᠨ ᠤᠷᠢᠳᠴᠢᠯᠠᠨ ᠵᠣᠭᠰᠣᠭᠠᠵᠤ ᠶᠠᠪᠠᠭᠠᠨ ᠢᠶᠠᠷ ᠲᠣᠭᠯᠠᠯᠲᠠ ᠶᠢᠨ ᠠᠬᠤᠶ ᠲᠠᠯᠠᠪᠠᠶ ᠳᠤ ᠢᠷᠡᠵᠦ ᠪᠤᠴᠠᠨ᠎ᠠ︔      ︵ᠵᠢᠷᠭᠤᠭ᠎ᠠ︶ ᠴᠠᠭ ᠠᠭᠤᠷ ᠤᠨ ᠲᠣᠪᠴᠢᠶ᠎ᠠ ᠶᠢᠨ ᠪᠠᠷᠠᠭᠤᠨ ᠵᠠᠮ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠪᠠᠷᠠᠭᠤᠨ ᠭᠤᠳᠤᠮᠵᠢ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠥᠪ ᠤᠨ ᠪᠠᠷᠠᠭᠤᠨ ᠭᠤᠳᠤᠮᠵᠢ ᠶᠢᠨ ᠬᠤᠶᠠᠷ ᠬᠠᠵᠠᠭᠤ ᠪᠠᠷ ᠰᠠᠭᠤᠷᠢᠰᠢᠵᠤ ᠪᠠᠶᠢᠭ᠎ᠠ ᠣᠯᠠᠨ ᠲᠦᠮᠡᠨ᠂ ᠳᠠᠭᠤᠨ ᠤ ᠦᠳᠡᠰᠢᠯᠡᠭᠡ ᠶᠢᠨ ᠬᠤᠭᠤᠴᠠᠭᠠᠨ ᠳᠤ ᠦᠳᠡ ᠶᠢᠨ ᠬᠤᠶᠢᠨ᠎ᠠ ᠭᠠᠳᠠᠭᠰᠢ ᠭᠠᠷᠬᠤ ᠳᠠᠭᠠᠨ ᠠᠯᠢ ᠴᠢᠳᠠᠬᠤ ᠪᠠᠷ ᠨᠡᠶᠢᠲᠡ ᠶᠢᠨ ᠮᠠᠰᠢᠨ ᠲᠡᠷᠭᠡ᠂ ᠮᠧᠲᠷᠤ᠋ ᠪᠠᠷ ᠭᠠᠳᠠᠭᠰᠢ ᠭᠠᠷᠤᠨ᠎ᠠ᠃      ᠬᠤᠶᠠᠷ᠂ ᠲᠣᠭᠯᠠᠯᠲᠠ ᠶᠢᠨ ᠠᠬᠤᠶ ᠲᠠᠯᠠᠪᠠᠶ ᠶᠢᠨ ᠡᠷᠬᠢᠨ ᠲᠣᠭᠤᠷᠢᠨ ᠤ ᠲᠡᠷᠭᠡᠨ ᠵᠤᠭᠰᠤᠭᠠᠯ ᠤᠨ ᠪᠠᠶᠢᠳᠠᠯ      ︵ᠨᠢᠭᠡ︶ ᠵᠢᠤᠢ ᠬᠤᠸᠠ ᠪᠠᠭᠤᠳᠠᠯ ᠤᠨ ᠲᠡᠷᠭᠡᠨ ᠵᠣᠭᠰᠣᠭᠠᠯ ︵70 ᠲᠡᠷᠭᠡᠨ ᠵᠣᠭᠰᠣᠭᠠᠯ︶᠂ ᠪᠡᠶ᠎ᠡ ᠶᠢᠨ ᠲᠠᠮᠢᠷ ᠤᠨ ᠣᠷᠳᠣᠨ ᠤ ᠵᠡᠭᠦᠨ ᠲᠠᠯ᠎ᠠ ᠶᠢᠨ ᠲᠡᠷᠭᠡᠨ ᠵᠣᠭᠰᠣᠭᠠᠯ ︵120 ᠲᠡᠷᠭᠡᠨ ᠵᠣᠭᠰᠣᠭᠠᠯ︶᠂ ᠬᠤᠩ ᠢᠦᠶ ᠡᠮᠨᠡᠯᠭᠡ ᠶᠢᠨ ᠬᠤᠷᠢᠶ᠎ᠠ ᠶᠢᠨ ᠲᠡᠷᠭᠡᠨ ᠵᠣᠭᠰᠣᠭᠠᠯ ︵15 ᠲᠡᠷᠭᠡᠨ ᠵᠣᠭᠰᠣᠭᠠᠯ︶᠂ ᠤᠮᠪᠠᠯᠲᠠ ᠶᠢᠨ ᠣᠷᠳᠣᠨ ᠤ ᠲᠡᠷᠭᠡᠨ ᠵᠣᠭᠰᠣᠭᠠᠯ ︵210 ᠲᠡᠷᠭᠡᠨ ᠵᠣᠭᠰᠣᠭᠠᠯ︶᠂ ᠶᠢᠨ ᠰᠧ ᠬᠤᠸᠠ ᠹᠦ᠋ ᠶᠢᠨ ᠡᠮᠦᠨ᠎ᠡ ᠡᠭᠦᠳᠡ ᠶᠢᠨ ᠲᠡᠷᠭᠡᠨ ᠵᠣᠭᠰᠣᠭᠠᠯ ︵80 ᠲᠡᠷᠭᠡᠨ ᠵᠣᠭᠰᠣᠭᠠᠯ︶᠂ ᠮᠣᠷᠢᠨ ᠤᠷᠤᠯᠳᠤᠭᠠᠨ ᠤ ᠲᠠᠯᠠᠪᠤᠷ ᠤᠨ ᠲᠡᠷᠭᠡᠨ ᠵᠣᠭᠰᠣᠭᠠᠯ ︵110 ᠲᠡᠷᠭᠡᠨ ᠵᠣᠭᠰᠣᠭᠠᠯ︶᠂ ᠳᠡᠭᠡᠷᠡᠬᠢ 6 ᠨᠢ ᠰᠦᠢᠳᠭᠡᠯ ᠬᠤᠷᠢᠶᠠᠬᠤ ᠲᠡᠷᠭᠡᠨ ᠵᠣᠭᠰᠣᠭᠠᠯ︔      ︵ᠬᠤᠶᠠᠷ︶ ᠪᠤᠤ ᠭᠠᠩ ᠬᠠᠶᠢᠳᠧ ᠪᠠᠭᠤᠳᠠᠯ ᠤᠨ ᠲᠡᠷᠭᠡᠨ ᠵᠣᠭᠰᠣᠭᠠᠯ ︵90 ᠲᠡᠷᠭᠡᠨ ᠵᠣᠭᠰᠣᠭᠠᠯ︶᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠲᠡᠷᠭᠡᠨ ᠵᠣᠭᠰᠣᠭᠠᠯ ︵450 ᠲᠡᠷᠭᠡᠨ ᠵᠣᠭᠰᠣᠭᠠᠯ︶᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠪᠠᠷᠠᠭᠤᠨ ᠡᠭᠦᠳᠡᠨ ᠤ ᠭᠠᠳᠠᠨᠠᠬᠢ ᠲᠡᠷᠭᠡᠨ ᠵᠣᠭᠰᠣᠭᠠᠯ ︵100 ᠲᠡᠷᠭᠡᠨ ᠵᠣᠭᠰᠣᠭᠠᠯ︶᠂ ᠪᠡᠶ᠎ᠡ ᠶᠢᠨ ᠲᠠᠮᠢᠷ ᠤᠨ ᠣᠷᠳᠣᠨ ᠤ ᠪᠠᠷᠠᠭᠤᠨ ᠲᠠᠯ᠎ᠠ ᠶᠢᠨ ᠲᠡᠷᠭᠡᠨ ᠵᠣᠭᠰᠣᠭᠠᠯ ︵210 ᠲᠡᠷᠭᠡᠨ ᠵᠣᠭᠰᠣᠭᠠᠯ︶᠂ ᠶᠢᠨ ᠯᠦᠩ ᠵᠢᠯᠣᠭᠤᠴᠢ ᠶᠢᠨ ᠰᠤᠷᠭᠠᠭᠤᠯᠢ ᠶᠢᠨ ᠲᠡᠷᠭᠡᠨ ᠵᠣᠭᠰᠣᠭᠠᠯ ︵150 ᠲᠡᠷᠭᠡᠨ ᠵᠣᠭᠰᠣᠭᠠᠯ︶᠂ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ︵210 ᠲᠡᠷᠭᠡᠨ ᠵᠣᠭᠰᠣᠭᠠᠯ︶᠂ ᠳᠡᠭᠡᠷᠡᠬᠢ 6 ᠨᠢ  ᠰᠦᠢᠳᠭᠡᠯ ᠬᠤᠷᠢᠶᠠᠬᠤ ᠥᠬᠡᠶ ᠲᠡᠷᠭᠡᠨ ᠵᠣᠭᠰᠣᠭᠠᠯ︔      ︵ᠭᠤᠷᠪᠠ︶ ᠳᠡᠭᠡᠷ᠎ᠡ ᠳᠤᠷᠠᠳᠤᠭᠰᠠᠨ 12 ᠲᠡᠷᠭᠡᠨ ᠵᠣᠭᠰᠣᠭᠠᠯ ᠢ ᠵᠢᠱᠢᠯᠲᠡ ᠪᠠᠷ ᠡᠳᠦᠷ ᠪᠦᠷᠢ 14᠄ 00 ᠴᠠᠭ ᠠᠴᠠ ᠡᠮᠦᠨ᠎ᠡ ᠲᠡᠷᠭᠡ ᠪᠠᠨ ᠳᠦᠭᠦᠷᠲᠡᠯ᠎ᠡ ᠵᠣᠭᠰᠣᠭᠠᠵᠤ᠂ ᠪᠤᠰᠤᠳ ᠮᠠᠰᠢᠨ ᠲᠡᠷᠭᠡ ᠨᠢ ᠴᠢᠩᠭᠢᠰ ᠬᠠᠭᠠᠨ ᠶᠡᠭᠡ ᠵᠡᠭᠡᠯᠢ ︵ᠬᠥᠯᠥᠨ ᠬᠤᠶᠢᠲᠤ ᠵᠠᠮ ᠤᠨ ᠵᠡᠭᠦᠨ ᠬᠡᠰᠡᠭ᠂ ᠲᠦᠩ ᠳ᠋ᠤᠤ ᠵᠠᠮ ᠤᠨ ᠪᠠᠷᠠᠭᠤᠨ ᠬᠡᠰᠡᠭ︶᠂ ᠴᠠᠭ ᠠᠭᠤᠷ ᠤᠨ ᠲᠣᠪᠴᠢᠶ᠎ᠠ ᠶᠢᠨ ᠪᠠᠷᠠᠭᠤᠨ ᠵᠠᠮ ︵ᠮᠣᠷᠢᠨ ᠤᠷᠤᠯᠳᠤᠭᠠᠨ ᠤ ᠲᠠᠯᠠᠪᠠᠶ ᠶᠢᠨ ᠬᠤᠶᠢᠲᠤ ᠵᠡᠭᠡᠯᠢ ᠶᠢᠨ ᠡᠮᠦᠨ᠎ᠡ ᠬᠡᠰᠡᠭ᠂ ᠴᠢᠩᠭᠢᠰ ᠬᠠᠭᠠᠨ ᠶᠡᠭᠡ ᠵᠡᠭᠡᠯᠢ ᠶᠢᠨ ᠬᠤᠶᠢᠲᠤ ᠬᠡᠰᠡᠭ︶᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠪᠠᠷᠠᠭᠤᠨ ᠭᠤᠳᠤᠮᠵᠢ ᠵᠡᠷᠭᠡ ᠳᠤ ᠪᠠᠶᠢᠵᠤ᠂ ᠮᠠᠰᠢᠨᠲᠤ ᠪᠤᠰᠤ ᠲᠡᠷᠭᠡᠨ ᠤ ᠨᠡᠪᠲᠡᠷᠡᠬᠦ ᠶᠢ ᠨᠥᠯᠥᠭᠡᠯᠡᠬᠦ ᠥᠬᠡᠶ ᠪᠠᠶᠢᠳᠠᠯ ᠳᠣᠤᠷ᠎ᠠ᠂ ᠮᠠᠰᠢᠨᠲᠤ ᠪᠤᠰᠤ ᠲᠡᠷᠭᠡᠨ ᠤ ᠵᠠᠮ ᠢ ᠡᠵᠡᠯᠡᠨ ᠲᠦᠷ ᠴᠠᠭ ᠲᠡᠷᠭᠡ ᠵᠣᠭᠰᠣᠭᠠᠵᠤ᠂ ᠲᠤᠬᠠᠶ ᠶᠢᠨ ᠡᠳᠦᠷ ᠤᠨ ᠲᠣᠭᠯᠠᠯᠲᠠ ᠶᠢᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠶᠠᠪᠤᠵᠤ ᠪᠣᠯᠤᠨ᠎ᠠ᠃      ᠭᠤᠷᠪᠠ᠂ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠵᠠᠮ ᠤᠨ ᠬᠡᠰᠡᠭ      ︵ᠨᠢᠭᠡ︶ ᠳᠠᠭᠤᠨ ᠤ ᠦᠳᠡᠰᠢᠯᠡᠭᠡ ᠶᠢᠨ ᠬᠤᠭᠤᠴᠠᠭᠠᠨ ᠳᠤ᠂ ᠡᠳᠦᠷ ᠪᠦᠷᠢ ᠶᠢᠨ 12᠄ 00 — 24᠄ 00 ᠴᠠᠭ ᠲᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠶᠢᠳᠠᠯ ᠢ ᠦᠵᠡᠵᠦ ᠪᠠᠶᠢᠭᠠᠳ ᠴᠢᠩᠭᠢᠰ ᠬᠠᠭᠠᠨ ᠶᠡᠭᠡ ᠵᠡᠭᠡᠯᠢ ︵ᠲᠦᠩ ᠳ᠋ᠤᠤ ᠵᠠᠮ ᠠᠴᠠ ᠬᠥᠯᠥᠨ ᠬᠤᠶᠢᠲᠤ ᠵᠠᠮ ᠬᠦᠷᠬᠦ ᠬᠡᠰᠡᠭ︶᠂ ᠮᠣᠷᠢᠨ ᠤᠷᠤᠯᠳᠤᠭᠠᠨ ᠤ ᠲᠠᠯᠠᠪᠤᠷ ᠤᠨ ᠬᠤᠶᠢᠲᠤ ᠵᠡᠭᠡᠯᠢ ︵ᠲᠦᠩ ᠳ᠋ᠤᠤ ᠵᠠᠮ ᠠᠴᠠ ᠬᠥᠯᠥᠨ ᠬᠤᠶᠢᠲᠤ ᠵᠠᠮ ᠬᠦᠷᠬᠦ ᠬᠡᠰᠡᠭ︶᠂ ᠴᠠᠭ ᠠᠭᠤᠷ ᠤᠨ ᠲᠣᠪᠴᠢᠶ᠎ᠠ ᠶᠢᠨ ᠪᠠᠷᠠᠭᠤᠨ ᠵᠠᠮ ︵ᠴᠢᠩᠭᠢᠰ ᠬᠠᠭᠠᠨ ᠶᠡᠭᠡ ᠵᠡᠭᠡᠯᠢ ᠠᠴᠠ ᠬᠠᠶᠢᠯᠠᠷ ᠶᠡᠭᠡ ᠵᠡᠭᠡᠯᠢ ᠬᠥᠷᠬᠦ ᠬᠡᠰᠡᠭ︶ ᠳᠤ ᠲᠦᠷ ᠴᠠᠭ ᠤᠨ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠤᠬᠠᠶ ᠶᠢᠨ ᠦᠶ᠎ᠡ ᠳᠤ ᠨᠡᠶᠢᠲᠡ ᠶᠢᠨ ᠮᠠᠰᠢᠨ ᠲᠡᠷᠭᠡ ᠶᠢ ᠭᠠᠷᠭᠠᠪᠠᠯ᠂ ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠶᠢᠨ ᠬᠠᠮᠢᠶᠠᠷᠤᠨ ᠡᠵᠡᠮᠳᠡᠬᠦ ᠵᠠᠮ ᠤᠨ ᠬᠡᠰᠡᠭ ᠲᠤ ᠣᠷᠣᠬᠤ ᠶᠢ ᠴᠠᠭᠠᠵᠠᠯᠠᠨ᠎ᠠ︔      ︵ᠬᠤᠶᠠᠷ︶ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠲᠡᠷᠭᠡᠨ ᠳᠤ ᠰᠠᠭᠤᠵᠤ ᠲᠣᠭᠯᠠᠯᠲᠠ ᠶᠢᠨ ᠲᠤᠬᠠᠶ ᠶᠢᠨ ᠲᠠᠯᠠᠪᠠᠶ ᠳᠤ ᠢᠷᠡᠵᠦ ᠪᠤᠴᠠᠬᠤ ᠣᠯᠠᠨ ᠲᠦᠮᠡᠨ᠂ ᠬᠠᠮᠢᠶᠠᠷᠤᠨ ᠡᠵᠡᠮᠳᠡᠵᠦ ᠪᠥᠬᠦᠶ ᠵᠠᠮ ᠤᠨ ᠬᠡᠰᠡᠭ ᠤᠨ ᠭᠠᠳᠠᠨᠠᠬᠢ ᠣᠶᠢᠷ᠎ᠠ ᠬᠠᠪᠢ ᠶᠢᠨ ᠪᠤᠰᠤᠳ ᠵᠠᠮ ᠤᠨ ᠬᠡᠰᠡᠭ ᠤᠨ ᠠᠮᠤᠷ ᠲᠦᠪᠰᠢᠨ ᠪᠠᠶᠢᠷᠢ ᠳᠤ ᠲᠡᠷᠭᠡᠨ ᠳᠤ ᠰᠠᠭᠤᠵᠤ ᠪᠠᠭᠤᠨ᠎ᠠ︔      ︵ᠭᠤᠷᠪᠠ︶ ᠡᠮᠨᠡᠨ ᠠᠪᠤᠷᠬᠠᠤ᠂ ᠭᠠᠯ ᠤᠨᠲᠠᠷᠠᠭᠠᠬᠤ ᠲᠡᠷᠭᠡ ᠬᠥᠰᠬᠡ᠂ ᠤᠰᠤ ᠴᠠᠬᠢᠯᠭᠠᠨ ᠬᠡᠶ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠲᠡᠷᠭᠡ ᠬᠥᠰᠬᠡ ᠬᠠᠮᠢᠶᠠᠷᠤᠨ ᠡᠵᠡᠮᠳᠡᠬᠦ ᠵᠠᠮ ᠤᠨ ᠬᠡᠰᠡᠭ ᠲᠤ ᠣᠷᠣᠬᠤ ᠦᠶ᠎ᠡ ᠳᠤ᠂ ᠲᠤᠬᠠᠶ ᠶᠢᠨ ᠲᠠᠯᠠᠪᠤᠷ ᠤᠨ ᠵᠠᠮ ᠬᠠᠷᠢᠯᠴᠠᠭᠠᠨ ᠤ ᠴᠠᠭᠳᠠᠭ᠎ᠠ ᠨᠢ ᠮᠣᠲ᠋ᠣᠷ ᠲᠡᠷᠭᠡ ᠲᠣᠮᠢᠯᠠᠨ ᠬᠥᠲᠥᠯᠦᠨ ᠵᠢᠯᠣᠭᠤᠳᠴᠤ᠂ ᠪᠠᠴᠢᠮ ᠪᠠᠶᠢᠳᠠᠯ ᠢ  ᠠᠷᠭᠠᠴᠠᠭᠠᠬᠤ ᠲᠡᠷᠭᠡ ᠬᠥᠰᠬᠡ ᠶᠢᠨ ᠨᠡᠪᠲᠡᠷᠡᠬᠦ ᠶᠢ ᠪᠠᠲᠤᠯᠠᠨ᠎ᠠ᠃      ᠬᠠᠯᠠᠭᠤᠨ ᠳᠣᠲᠣᠨᠣ ᠰᠠᠨᠠᠭᠤᠯᠤᠮᠵᠢ      ᠥᠷᠭᠡᠨ ᠣᠯᠠᠨ ᠵᠢᠯᠣᠭᠤᠴᠢ ᠬᠥᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠨᠡᠶᠢᠲᠡ ᠶᠢᠨ ᠳ᠋ᠤᠭᠠᠷ ᠢ ᠠᠩᠬᠠᠷᠬᠤ ᠪᠤᠶᠤ ᠬᠥᠬᠡᠬᠤᠲᠠ ᠶᠢᠨ ᠵᠠᠮ ᠬᠠᠷᠢᠯᠴᠠᠭᠠᠨ ᠤ ᠷᠠᠳᠢᠣ᠋ ᠨᠡᠪᠲᠡᠷᠡᠭᠦᠯᠭᠡ ︵FM107.4︶ ᠶᠢᠨ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠡᠵᠡᠮᠰᠢᠬᠦ ᠶᠢ ᠠᠩᠬᠠᠷᠴᠤ᠂ ᠵᠠᠮ ᠤᠨ ᠲᠦᠭᠵᠢᠷᠡᠯ ᠠᠴᠠ ᠵᠠᠶᠢᠯᠠᠵᠤ ᠪᠣᠯᠤᠨ᠎ᠠ᠃ ᠡᠯᠧᠺᠲᠷᠣᠨ ᠭᠠᠵᠠᠷ ᠤᠨ ᠵᠢᠷᠤᠭ ᠢᠶᠠᠷ ᠠᠶᠠᠯᠠᠯ ᠵᠠᠯᠠᠬᠤ ᠵᠠᠮ ᠢᠶᠠᠷ ᠲᠡᠷᠭᠡᠨ ᠵᠣᠭᠰᠣᠭᠠᠯ ᠳᠤ ᠣᠷᠣᠵᠤ᠂ ᠲᠤᠬᠠᠶ ᠶᠢᠨ ᠲᠠᠯᠠᠪᠤᠷ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠣᠯᠭ᠎ᠠ ᠶᠢ ᠳᠠᠭᠠᠵᠤ᠂ ᠡᠮᠬᠢ ᠵᠢᠷᠤᠮ ᠲᠠᠢ ᠪᠠᠷ ᠨᠡᠪᠲᠡᠷᠡᠨ ᠵᠣᠭᠰᠣᠬᠤ ᠶᠢ ᠰᠠᠨᠠᠭᠤᠯᠵᠤ ᠪᠠᠶᠢᠨ᠎ᠠ᠃          ᠢᠷᠡᠯᠲᠡ᠄ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号