ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠨᠡᠭᠡᠭᠡᠬᠦ ᠴᠠᠭ ᠢᠶᠠᠨ ᠤᠷᠲᠤᠳᠬᠠᠪᠠ
ᠨᠡᠶᠢᠲᠡᠯᠡᠭᠰᠡᠨ ᠴᠠᠭ᠄
2023/8/22
     ᠵᠣᠨ ᠤ ᠠᠮᠠᠷᠠᠯᠲᠠ ᠶᠢᠨ ᠬᠤᠭᠤᠴᠠᠭᠠᠨ ᠳᠤ ᠣᠷᠣᠭᠰᠠᠨ ᠠᠴᠠ ᠨᠠᠰᠢ᠂ ᠣᠯᠠᠨ ᠨᠡᠶᠢᠲᠡ ᠶᠢᠨ ᠲᠣᠭᠤᠷᠢᠨ ᠦᠵᠡᠬᠦ ᠬᠡᠷᠡᠭᠴᠡᠭᠡ ᠲᠦᠷᠭᠡᠨ ᠢᠶᠠᠷ ᠨᠡᠮᠡᠭᠳᠡᠵᠦ᠂ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠤ ᠲᠣᠭᠤᠷᠢᠨ ᠦᠵᠡᠬᠦ ᠬᠡᠮᠵᠢᠶ᠎ᠡ ᠵᠠᠯᠭᠠᠪᠠᠷ ᠰᠢᠨ᠎ᠡ ᠲᠡᠮᠳᠡᠭᠯᠡᠯ ᠢ ᠡᠭᠦᠳᠪᠡ᠂ ᠵᠤᠭᠠᠴᠠᠭᠰᠠᠳ ᠲᠤ ᠨᠠᠩ ᠣᠯᠠᠨ ᠡᠰᠢᠲᠦ᠂ ᠨᠠᠩ ᠳᠥᠭᠦᠮ ᠳᠥᠲᠡ ᠦᠢᠯᠡᠴᠢᠯᠡᠭᠡ ᠬᠠᠩᠭᠠᠬᠤ ᠶᠢᠨ ᠲᠤᠰᠠᠳᠠ᠂ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ 8 ᠳ᠋ᠤᠭᠠᠷ ᠰᠠᠷ᠎ᠠ ᠶᠢᠨ 18 ᠠᠴᠠ 31 ᠤ ᠡᠳᠦᠷ ᠪᠣᠯᠲᠠᠯ᠎ᠠ ︵ᠭᠠᠷᠠᠭ ᠪᠦᠷᠢ ᠤ ᠭᠠᠷᠠᠭ ᠤᠨ ᠨᠢᠭᠡᠨ ᠳᠤ ᠡᠭᠦᠳᠡ ᠪᠠᠨ ᠬᠠᠭᠠᠨ᠎ᠠ︶ ᠨᠡᠭᠡᠭᠡᠬᠦ ᠴᠠᠭ ᠢᠶᠠᠨ ᠤᠷᠲᠤᠳᠬᠠᠪᠠ᠃      ᠲᠠᠨᠢᠯᠴᠠᠭᠤᠯᠤᠭᠰᠠᠨ ᠢᠶᠠᠷ᠂ ᠨᠡᠭᠡᠭᠡᠬᠦ ᠴᠠᠭ ᠢ 9 ᠴᠠᠭ ᠠᠴᠠ 17 ᠴᠠᠭ ᠪᠠᠶᠢᠭᠰᠠᠨ ᠢ 9 ᠴᠠᠭ ᠠᠴᠠ 18 ᠴᠠᠭ ᠪᠣᠯᠲᠠᠯ᠎ᠠ ᠤᠷᠲᠤᠳᠬᠠᠪᠠ ︵17 ᠴᠠᠭ 30 ᠮᠢᠨᠦ᠋ᠲ ᠠᠴᠠ ᠣᠷᠳᠣᠨ ᠳᠤ ᠣᠷᠤᠭᠤᠯᠬᠤ ᠦᠭᠡᠢ︶᠃ ᠡᠨᠡ ᠬᠤᠭᠤᠴᠠᠭᠠᠨ ᠳᠤ᠂ ︽︿ᠳᠥᠷᠪᠡᠨ 100﹀ ᠶᠢᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠲᠡᠮᠳᠡᠭ ᠤᠨ ᠰᠢᠷᠢᠰ ᠪᠦᠲᠦᠭᠡᠯ ᠤᠨ ᠦᠵᠡᠭᠦᠯᠦᠯᠭᠡ︾ ︽ᠨᠤᠲᠤᠭ ᠬᠥᠮᠥᠨ — 1949 ᠣᠨ ᠠᠴᠠ ᠨᠠᠰᠢᠬᠢ ᠬᠥᠳᠡᠭᠡ ᠲᠣᠰᠬᠤᠨ ᠤ ᠰᠡᠳᠦᠪᠲᠦ ᠤᠷᠠᠨ ᠵᠢᠷᠤᠭ ᠤᠨ ᠪᠦᠲᠦᠭᠡᠯ ᠤᠨ ᠰᠤᠳᠤᠯᠭᠠᠨ ᠤ ᠦᠵᠡᠭᠦᠯᠦᠯᠭᠡ ︵ᠬᠥᠬᠡᠬᠤᠲᠠ ᠥᠷᠲᠡᠭᠡ︶︾ ︽ᠰᠢᠨ᠎ᠡ ᠬᠡᠪ ᠰᠤᠷᠲᠠᠯ — ᠣᠲᠣ ᠦᠶ᠎ᠡ ᠶᠢᠨ ᠤᠷᠤᠰᠬᠠᠯ ᠤᠷᠠᠯᠢᠭ ᠤᠨ ᠦᠵᠡᠭᠦᠯᠦᠯᠭᠡ︾ ︽ᠳᠥᠷᠪᠡᠳᠦᠭᠡᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠤᠷᠠᠨ ᠵᠢᠷᠤᠭ ᠤᠷᠠᠨ ᠪᠢᠴᠢᠯᠭᠡ ᠶᠢᠨ ᠪᠦᠲᠦᠭᠡᠯ ᠤᠨ ᠦᠵᠡᠭᠦᠯᠦᠯᠭᠡ︾ ᠵᠡᠷᠭᠡ ᠣᠯᠠᠨ ᠵᠦᠢᠯ ᠤᠨ ᠰᠢᠯᠢᠳᠡᠭ ᠤᠷᠠᠯᠢᠭ ᠤᠨ ᠦᠵᠡᠰᠬᠦᠯᠡᠩ ᠢ ᠵᠠᠯᠭᠠᠪᠡᠷ ᠳᠡᠯᠭᠡᠨ ᠦᠵᠡᠭᠦᠯᠦᠨ᠎ᠡ᠃ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠤ ᠪᠣᠶ ᠪᠦᠬᠦᠢ ᠦᠵᠡᠭᠦᠯᠦᠯᠭᠡ ᠶᠢ ᠨᠡᠶᠢᠲᠡ ᠣᠯᠠᠨ ᠳᠤ ᠦᠨ᠎ᠡ ᠲᠦᠯᠦᠪᠦᠷᠢ ᠦᠭᠡᠢ ᠪᠠᠷ ᠦᠵᠡᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号