ᠮᠠᠰᠢ ᠣᠯᠠᠨ ᠬᠥᠮᠥᠨ ᠭᠡᠷ ᠪᠠᠶᠢᠰᠢᠩ ᠬᠤᠳᠠᠯᠳᠤᠨ ᠠᠪᠬᠤ ᠳᠠᠭᠠᠨ ᠬᠤᠳᠠᠯᠳᠤᠭᠠᠨ ᠤ ᠵᠢᠭᠡᠯᠡᠯᠭᠡ ᠠᠪᠤᠭᠰᠠᠨ | ᠪᠣᠯ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠣᠯᠭᠠᠵᠤ ᠰᠢᠯᠵᠢᠭᠦᠯᠬᠦ ᠶᠢ ᠬᠦᠰᠡᠳᠡᠭ᠂ ᠲᠡᠭᠡᠪᠡᠯ | ︽ᠬᠤᠳᠠᠯᠳᠤᠭᠠᠨ ᠤ ᠵᠢᠭᠡᠯᠡᠯᠭᠡ ᠶᠢ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠵᠢᠭᠡᠯᠡᠯᠭᠡ ᠪᠣᠯᠭᠠᠨ | ᠰᠢᠯᠵᠢᠭᠦᠯᠬᠦ︾ ᠳᠤ ᠶᠠᠮᠠᠷ ᠨᠥᠬᠦᠴᠡᠯ ᠢ ᠪᠦᠷᠢᠯᠳᠦᠭᠦᠯᠬᠦ ᠴᠢᠬᠤᠯᠠᠲᠠᠢ ᠪᠣᠢ︖ ᠶᠠᠮᠠᠷ ᠶᠠᠮᠠᠷ ᠴᠢᠬᠤᠯᠠ ᠵᠦᠢᠯᠡᠰ ᠢ | ᠪᠡᠯᠡᠳᠭᠡᠬᠦ ᠬᠡᠷᠡᠭᠲᠡᠢ ᠪᠣᠢ︖ ᠡᠨᠡᠬᠦ ᠲᠤᠬᠠᠶᠢᠯᠠᠭᠰᠠᠨ ᠠᠵᠢᠯ ᠢ ᠬᠡᠷᠬᠢᠨ ᠭᠦᠢᠴᠡᠳᠭᠡᠬᠦ ᠪᠣᠶ︖ ᠰᠤᠷᠪᠤᠯᠵᠢᠯᠠᠭᠴᠢ | ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ ᠬᠦᠷᠴᠦ᠂ ︽ | ᠬᠤᠳᠠᠯᠳᠤᠭᠠᠨ ᠤ ᠵᠢᠭᠡᠯᠡᠯᠭᠡ ᠶᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ | ᠵᠢᠭᠡᠯᠡᠯᠭᠡ ᠪᠣᠯᠭᠠᠨ ᠰᠢᠯᠵᠢᠭᠦᠯᠬᠦ︾ ᠤᠴᠢᠷ ᠶᠠᠪᠤᠳᠠᠯ ᠢ ᠬᠦᠢᠴᠡᠳᠭᠡᠬᠦ ᠨᠠᠷᠢᠨ ᠴᠣᠪᠤᠷᠠᠯ ᠢ ᠣᠶᠢᠯᠠᠭᠠᠪᠠ᠃ | 1. ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠵᠢᠭᠡᠯᠡᠯᠭᠡ ᠭᠤᠶᠤᠴᠢᠯᠠᠬᠤ ᠦᠨᠳᠦᠰᠦᠨ ᠨᠥᠬᠦᠴᠡᠯ᠄ ᠵᠣᠭᠤᠰ ᠵᠢᠭᠡᠯᠡᠭᠴᠢ ︵ᠬᠤᠯᠪᠣᠰᠤ᠂ ᠥᠭᠡᠷ᠎ᠡ ᠪᠠᠷ ᠬᠡᠯᠡᠪᠡᠯ | ᠨᠦᠬᠦᠷ ᠪᠣᠶᠣ ᠭᠡᠷᠭᠡᠢ ᠨᠢ ᠪᠠᠭᠲᠠᠨ᠎ᠠ︶ ᠲᠠᠩᠰᠠ ᠪᠠᠶᠢᠭᠤᠯᠤᠭᠰᠠᠨ ᠮᠥᠷᠲᠡᠭᠡᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢ ᠵᠠᠯᠭᠠᠪᠡᠷ 6 ᠰᠠᠷ᠎ᠠ ᠠᠴᠠ ᠳᠡᠭᠡᠭᠰᠢ ᠲᠤᠰᠢᠶᠠᠨ ᠬᠠᠳᠠᠭᠠᠯᠠᠭᠤᠯᠵᠤ᠂ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠵᠢᠭᠡᠯᠡᠯᠭᠡ ᠪᠠᠨ ᠪᠤᠴᠠᠭᠠᠵᠤ ᠪᠠᠷᠠᠭᠠᠳᠤᠢ ᠪᠠᠶᠢᠳᠠᠯ ᠦᠭᠡᠢ᠂ ᠳᠠᠭᠠᠭᠠᠯᠲᠠ ᠦᠭᠡᠢ᠂ ᠢᠲᠡᠭᠡᠮᠵᠢ ᠰᠠᠶᠢᠨ | ᠪᠣᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠵᠤ ᠪᠣᠯᠣᠨ᠎ᠠ᠃ | 2. ᠬᠤᠳᠠᠯᠳᠤᠭᠠᠨ ᠤ ᠪᠠᠩᠬᠢ ᠶᠢᠨ ᠣᠷᠣᠨ ᠰᠠᠭᠤᠴᠠ ᠶᠢᠨ ᠪᠠᠷᠢᠴᠠᠭᠠᠲᠤ ᠵᠢᠭᠡᠯᠡᠯᠭᠡ ᠶᠢ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠤ ᠵᠢᠭᠡᠯᠡᠯᠭᠡ ᠪᠣᠯᠭᠠᠨ ᠰᠢᠯᠵᠢᠭᠦᠯᠬᠦ ᠳᠤ ᠬᠡᠷᠡᠭᠵᠢᠬᠦᠯᠬᠦ ᠵᠢᠭᠡᠯᠡᠯᠭᠡ ᠶᠢᠨ ᠬᠦᠦ | ᠮᠥᠩᠭᠦ ᠶᠢᠨ ᠨᠣᠷᠮ᠎ᠠ᠄ ᠭᠡᠷ ᠪᠦᠯᠢ ᠶᠢᠨ ᠠᠩᠬᠠᠨ ᠤ ᠢᠵᠢ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢ ᠲᠠᠪᠤᠨ ᠵᠢᠯ ᠠᠴᠠ ᠳᠣᠷᠣᠭᠰᠢ | ︵ᠲᠠᠪᠤᠨ ᠵᠢᠯ ᠢ ᠪᠠᠭᠲᠠᠭᠠᠨ᠎ᠠ︶ ᠬᠤᠭᠤᠴᠠᠭ᠎ᠠ ᠲᠠᠢ ᠪᠣᠯ 2.60%᠂ ᠲᠠᠪᠤᠨ ᠵᠢᠯ ᠠᠴᠠ ᠳᠡᠭᠡᠭᠰᠢ | ᠬᠤᠭᠤᠴᠠᠭ᠎ᠠ ᠲᠠᠢ ᠪᠣᠯ 3.10%︔ ᠭᠡᠷ ᠪᠦᠯᠢ ᠶᠢᠨ ᠬᠤᠶᠠᠳᠤᠭᠠᠷ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ | ᠬᠦᠦ ᠮᠥᠩᠭᠦ ᠶᠢᠨ ᠨᠣᠷᠮ᠎ᠠ ᠨᠢ ᠲᠠᠪᠤᠨ ᠵᠢᠯ ᠠᠴᠠ ᠳᠣᠷᠤᠭᠰᠢ ︵ᠲᠠᠪᠤᠨ ᠵᠢᠯ ᠢ ᠪᠠᠭᠲᠠᠭᠠᠨ᠎ᠠ︶ ᠬᠤᠭᠤᠴᠠᠭ᠎ᠠ ᠲᠠᠢ | ᠪᠣᠯ 3.025%᠂ ᠲᠠᠪᠤᠨ ᠵᠢᠯ ᠠᠴᠠ ᠳᠡᠭᠡᠭᠰᠢ ᠬᠤᠭᠤᠴᠠᠭ᠎ᠠ ᠲᠠᠢ ᠪᠣᠯ 3.575%᠃ | 3. ᠬᠤᠳᠠᠯᠳᠤᠭᠠᠨ ᠤ ᠪᠠᠩᠬᠢ ᠶᠢᠨ ᠣᠷᠣᠨ ᠰᠠᠭᠤᠴᠠ ᠶᠢᠨ ᠪᠠᠷᠢᠴᠠᠭᠠᠲᠤ ᠵᠢᠭᠡᠯᠡᠯᠭᠡ ᠶᠢ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠣᠯᠭᠠᠨ ᠰᠢᠯᠵᠢᠭᠦᠯᠬᠦ ᠳᠤ ᠪᠠᠷᠢᠴᠠᠭᠠᠯᠠᠬᠤ ᠴᠢᠬᠤᠯᠠᠲᠠᠢ ᠤᠤ︖ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠠᠷᠢᠴᠠᠭᠠᠯᠠᠬᠤ ᠴᠢᠬᠤᠯᠠᠲᠠᠢ᠂ ᠪᠠᠷᠢᠴᠠᠭᠠᠯᠠᠬᠤ ᠠᠷᠭ᠎ᠠ | ᠮᠠᠶ᠋ᠢᠭ ᠨᠢ ᠭᠤᠷᠪᠠᠨ ᠵᠦᠢᠯ ᠪᠣᠶ ︵ᠭᠤᠷᠪᠠ ᠠᠴᠠ ᠨᠢᠭᠡ ᠶᠢ ᠰᠣᠩᠭᠤᠨ᠎ᠠ︶᠄ ᠵᠣᠭᠤᠰ ᠵᠢᠭᠡᠯᠡᠭᠴᠢ ᠡᠷ᠎ᠡ ᠡᠮ᠎ᠡ | ᠬᠤᠶᠠᠭᠤᠯᠠ ᠶᠢᠨ ᠪᠤᠰᠤᠳ ᠥᠯᠥ ᠬᠥᠳᠡᠯᠬᠦ ᠬᠥᠷᠥᠩᠭᠡ ᠪᠤᠶᠤ ᠭᠤᠷᠪᠠᠳᠠᠭᠢ ᠬᠥᠮᠥᠨ ᠤ ᠥᠯᠥ ᠬᠥᠳᠡᠯᠬᠦ | ᠬᠥᠷᠥᠩᠭᠡ ᠪᠠᠷ ᠪᠠᠷᠢᠴᠠᠭᠠᠯᠠᠬᠤ︔ ᠬᠤᠳᠠᠯᠳᠤᠨ ᠠᠪᠤᠭᠰᠠᠨ ᠬᠤᠭᠤᠴᠠᠭᠠᠲᠤ ᠭᠡᠷ ᠪᠠᠶᠢᠰᠢᠩ ᠤᠨ ᠦᠯᠦ ᠬᠥᠳᠡᠯᠬᠦ | ᠬᠥᠷᠥᠩᠭᠡ ᠪᠠᠷ ᠤᠷᠢᠳᠴᠢᠯᠠᠨ ᠮᠡᠳᠡᠭᠳᠡᠵᠦ ᠪᠠᠷᠢᠴᠠᠭᠠᠯᠠᠬᠤ ᠳᠠᠩᠰᠠᠯᠠᠯᠲᠠ ᠬᠢᠯᠭᠡᠬᠦ︔ ᠬᠤᠳᠠᠯᠳᠤᠨ ᠠᠪᠤᠭᠰᠠᠨ ᠦᠯᠦ | ᠬᠥᠳᠡᠯᠬᠦ ᠬᠥᠷᠥᠩᠭᠡ ᠪᠠᠨ ᠬᠤᠶᠠᠳᠠᠭᠢ ᠤᠳᠠᠭ᠎ᠠ ᠪᠠᠷᠢᠴᠠᠭᠠᠯᠠᠬᠤ᠃ | 4. ᠬᠤᠳᠠᠯᠳᠤᠭᠠᠨ ᠤ ᠪᠠᠩᠬᠢ ᠶᠢᠨ ᠣᠷᠣᠨ ᠰᠠᠭᠤᠴᠠ ᠶᠢᠨ ᠪᠠᠷᠢᠴᠠᠭᠠᠲᠤ ᠵᠢᠭᠡᠯᠡᠯᠭᠡ ᠶᠢ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠣᠯᠭᠠᠨ ᠰᠢᠯᠵᠢᠭᠦᠯᠬᠦ ᠳᠤ ᠵᠢᠭᠡᠯᠡᠬᠦ ᠵᠢᠭᠡᠯᠡᠯᠭᠡ ᠶᠢᠨ ᠬᠠᠮᠤᠭ ᠤᠨ | ᠥᠨᠳᠥᠷ ᠲᠤᠭ᠎ᠠ᠄ ᠵᠣᠭᠤᠰ ᠵᠢᠭᠡᠯᠡᠭᠴᠢ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠪᠠᠶᠢᠭᠤᠯᠤᠭᠰᠠᠨ ᠪᠠᠶᠢᠪᠠᠯ ᠬᠠᠮᠤᠭ ᠤᠨ ᠦᠨᠳᠦᠷ ᠲᠡᠭᠡᠨ 100 ᠲᠦᠮᠡᠨ ᠲᠥᠭᠦᠷᠢᠭ ᠵᠢᠭᠡᠯᠡᠵᠦ ᠪᠣᠯᠤᠨ᠎ᠠ︔ | ᠡᠷ᠎ᠡ ᠡᠮ᠎ᠡ ᠬᠤᠶᠠᠭᠤᠯᠠ ᠶᠢᠨ ᠨᠢᠭᠡ ᠨᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠶᠢᠭᠤᠯᠤᠭᠰᠠᠨ ᠪᠠᠶᠢᠪᠠᠯ᠂ | ᠬᠠᠮᠤᠭ ᠤᠨ ᠦᠨᠳᠦᠷ ᠲᠡᠭᠡᠨ 60 ᠲᠦᠮᠡᠨ ᠲᠥᠭᠦᠷᠢᠭ ᠵᠢᠭᠡᠯᠡᠵᠦ ᠪᠣᠯᠤᠨ᠎ᠠ᠃ ᠣᠯᠠᠨ ᠬᠡᠦᠬᠡᠳ ᠲᠠᠢ ᠭᠡᠷ ᠪᠦᠯᠢ᠄ | ᠬᠤᠶᠠᠷ ᠲᠠᠯ᠎ᠠ ᠪᠠᠷ ᠢᠶᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠶᠢᠭᠤᠯᠤᠭᠰᠠᠨ | ᠪᠠᠶᠢᠪᠠᠯ᠂ ᠬᠠᠮᠤᠭ ᠤᠨ ᠦᠨᠳᠦᠷ ᠲᠡᠭᠡᠨ 110 ᠲᠦᠮᠡᠨ ᠲᠥᠭᠦᠷᠢᠭ ᠵᠢᠭᠡᠯᠡᠵᠦ ᠪᠣᠯᠣᠨ᠎ᠠ︔ ᠡᠷ᠎ᠡ ᠡᠮ᠎ᠡ | ᠬᠤᠶᠠᠭᠤᠯᠠ ᠶᠢᠨ ᠨᠢᠭᠡ ᠨᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠶᠢᠭᠤᠯᠤᠭᠰᠠᠨ | ᠪᠠᠶᠢᠪᠠᠯ᠂ ᠬᠠᠮᠤᠭ ᠤᠨ ᠦᠨᠳᠦᠷ ᠲᠡᠭᠡᠨ 66 ᠲᠦᠮᠡᠨ ᠲᠥᠭᠦᠷᠢᠭ ᠵᠢᠭᠡᠯᠡᠵᠦ ᠪᠣᠯᠣᠨ᠎ᠠ᠃ | 5. ᠬᠤᠳᠠᠯᠳᠤᠭᠠᠨ ᠤ ᠪᠠᠩᠬᠢ ᠶᠢᠨ ᠣᠷᠣᠨ ᠰᠠᠭᠤᠴᠠ ᠶᠢᠨ ᠪᠠᠷᠢᠴᠠᠭᠠᠲᠤ ᠵᠢᠭᠡᠯᠡᠯᠭᠡ ᠶᠢ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠣᠯᠭᠠᠨ ᠰᠢᠯᠵᠢᠭᠦᠯᠬᠦ ᠳᠤ ᠵᠢᠭᠡᠯᠡᠯᠭᠡ ᠶᠢᠨ ᠬᠠᠮᠤᠭ ᠤᠨ ᠣᠷᠳᠣ | ᠬᠤᠭᠤᠴᠠᠭ᠎ᠠ᠄ ᠵᠣᠭᠤᠰ ᠵᠢᠭᠡᠯᠡᠭᠴᠢ ︵ᠬᠤᠯᠪᠣᠰᠤ᠂ ᠥᠭᠡᠷ᠎ᠡ ᠪᠠᠷ ᠬᠡᠯᠡᠪᠡᠯ ᠨᠦᠬᠦᠷ ᠪᠣᠶᠣ ᠭᠡᠷᠭᠡᠢ ᠨᠢ ᠪᠠᠭᠲᠠᠨ᠎ᠠ︶ | ᠶᠢᠨ ᠵᠢᠭᠡᠯᠡᠯᠭᠡ ᠶᠢᠨ ᠬᠤᠭᠤᠴᠠᠭ᠎ᠠ ᠨᠢ 1 — 30 ᠵᠢᠯ ᠪᠥᠭᠡᠳ ᠡᠷ᠎ᠡ ᠡᠮ᠎ᠡ ᠬᠤᠶᠠᠷ ᠲᠠᠯ᠎ᠠ ᠶᠢᠨ ᠬᠠᠤᠯᠢ ᠪᠠᠷ | ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠠᠴᠠ ᠳᠠᠷᠠᠭᠠᠬᠢ 5 ᠵᠢᠯ ︵ᠨᠠᠰᠤ ᠨᠢ ᠪᠠᠭ᠎ᠠ ᠪᠠᠷ ᠨᠢ | ᠪᠠᠷᠢᠮᠵᠢᠶ᠎ᠠ ᠪᠣᠯᠭᠠᠨ᠎ᠠ︶ ᠠᠴᠠ ᠬᠡᠲᠦᠷᠡᠬᠦ ᠦᠭᠡᠢ᠃ | 6. ᠬᠤᠳᠠᠯᠳᠤᠭᠠᠨ ᠤ ᠪᠠᠩᠬᠢ ᠶᠢᠨ ᠣᠷᠣᠨ ᠰᠠᠭᠤᠴᠠ ᠶᠢᠨ ᠪᠠᠷᠢᠴᠠᠭᠠᠲᠤ ᠵᠢᠭᠡᠯᠡᠯᠭᠡ ᠶᠢ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠣᠯᠭᠠᠨ ᠰᠢᠯᠵᠢᠭᠦᠯᠬᠦ ᠵᠢᠭᠡᠯᠡᠯᠭᠡ ᠳᠤ ᠬᠡᠷᠡᠭᠰᠡᠬᠦ ᠮᠠᠲ᠋ᠧᠷᠢᠶᠠᠯ᠄ | ᠵᠣᠭᠤᠰ ᠵᠢᠭᠡᠯᠡᠭᠴᠢ ᠡᠷ᠎ᠡ ᠡᠮ᠎ᠡ ᠬᠤᠶᠠᠭᠤᠯᠠ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠣᠷᠤᠭ ᠤᠨ | ᠪᠢᠴᠢᠭ᠂ ︽ᠪᠠᠩᠬᠢ ᠶᠢᠨ ᠰᠢᠯᠵᠢᠭᠦᠯᠦᠨ ᠵᠢᠭᠡᠯᠡᠭᠦᠯᠬᠦ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ | ᠬᠦᠰᠦᠨᠦᠭᠲᠦ︾᠂ ᠪᠠᠩᠬᠢ ᠶᠢᠨ ᠣᠷᠣᠨ ᠰᠠᠭᠤᠴᠠ ᠶᠢᠨ ᠵᠢᠭᠡᠯᠡᠯᠭᠡ ᠶᠢᠨ ᠭᠡᠷ᠎ᠡ᠂ ᠪᠥᠬᠦ ᠵᠣᠭᠤᠰ ᠢᠶᠠᠷ ᠭᠡᠷ ᠪᠠᠶᠢᠰᠢᠩ | ᠬᠤᠳᠠᠯᠳᠤᠨ ᠠᠪᠤᠭᠰᠠᠨ ᠪᠠᠷᠢᠮᠲᠠ᠂ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠤᠭᠰᠠᠨ ︽ | ᠲᠠᠸᠠᠷ ᠤᠨ ᠭᠡᠷ ᠪᠠᠶᠢᠰᠢᠩ ᠤᠨ ᠮᠠᠶᠢᠮᠠᠢ ᠶᠢᠨ ᠭᠡᠷ᠎ᠡ︾᠂ ᠪᠠᠷᠢᠴᠠᠭᠠᠯᠠᠭᠰᠠᠨ ᠥᠯᠥ ᠬᠥᠳᠡᠯᠬᠦ ᠬᠥᠷᠥᠩᠭᠡ ᠶᠢᠨ | ᠡᠷᠬᠡ ᠶᠢᠨ ᠦᠨᠡᠮᠯᠡᠯ᠂ ᠵᠣᠭᠤᠰ ᠵᠢᠭᠡᠯᠡᠭᠴᠢ ᠶᠢᠨ ᠵᠣᠭᠤᠰ ᠪᠤᠴᠠᠭᠠᠬᠤ ᠪᠠᠩᠬᠢ ᠶᠢᠨ ᠺᠠᠷᠲ᠂ ᠭᠡᠷ ᠪᠠᠶᠢᠰᠢᠩ ᠤᠨ | ᠢᠵᠢ ᠲᠤᠭ᠎ᠠ ᠶᠢ ᠪᠠᠶᠢᠴᠠᠭᠠᠨ ᠯᠠᠪᠯᠠᠭᠰᠠᠨ ᠦᠷ᠎ᠡ ᠳ᠋ᠦᠩ᠃ | 7. ᠪᠣᠳᠠᠲᠠᠢ ᠭᠦᠢᠴᠡᠳᠬᠡᠬᠦ ᠴᠣᠪᠤᠷᠠᠯ᠄ ᠵᠢᠭᠡᠯᠡᠯᠭᠡ ᠶᠢᠨ ᠮᠠᠲ᠋ᠧᠷᠢᠶᠠᠯ ᠢᠶᠠᠨ ᠪᠦᠷᠢᠨ ᠭᠦᠢᠴᠡᠳ ᠪᠡᠯᠡᠳᠬᠡᠭᠡᠳ | ᠤᠷᠢᠳᠴᠢᠯᠠᠨ ᠪᠣᠯᠵᠤᠨ᠎ᠠ → ᠦᠢᠯᠡᠴᠢᠯᠡᠭᠡᠨ ᠤ ᠲᠠᠪᠴᠠᠩ ᠬᠢᠨᠠᠨ ᠬᠠᠷᠭᠤᠭᠤᠯᠤᠨ᠎ᠠ → ᠭᠡᠷ᠎ᠡ ᠵᠢᠭᠡᠯᠡᠭᠰᠡᠨ | ᠪᠠᠷᠢᠮᠲᠠ ᠲᠤᠭᠲᠠᠨ᠎ᠠ → ᠬᠢᠨᠠᠨ ᠬᠠᠷᠭᠤᠭᠤᠯᠵᠤ ᠬᠢᠨᠠᠨ ᠵᠦᠪᠰᠢᠶᠡᠷᠡᠨ᠎ᠡ → ᠪᠠᠷᠢᠴᠠᠭᠠᠯᠠᠬᠤ ᠶᠢ ᠨᠤᠲᠠᠯᠠᠨ᠎ᠠ → | ᠵᠢᠭᠡᠯᠡᠯᠭᠡ ᠲᠠᠯᠪᠢᠨ᠎ᠠ → ᠬᠤᠪᠢ ᠬᠥᠮᠥᠨ ᠰᠠᠷ᠎ᠠ ᠪᠠᠷ ᠵᠢᠭᠡᠯᠡᠯᠭᠡ ᠪᠤᠴᠠᠭᠠᠨ᠎ᠠ | 8. ᠬᠤᠳᠠᠯᠳᠤᠭᠠᠨ ᠤ ᠪᠠᠩᠬᠢ ᠶᠢᠨ ᠣᠷᠣᠨ ᠰᠠᠭᠤᠴᠠ ᠶᠢᠨ ᠪᠠᠷᠢᠴᠠᠭᠠᠲᠤ ᠵᠢᠭᠡᠯᠡᠯᠭᠡ ᠶᠢ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠤ ᠵᠢᠭᠡᠯᠡᠯᠡᠭᠡ ᠪᠣᠯᠭᠠᠨ ᠰᠢᠯᠵᠢᠭᠦᠯᠬᠦ ᠳᠤ ᠵᠢᠭᠡᠯᠡᠯᠭᠡ ᠶᠢ | ᠤᠷᠢᠳᠴᠢᠯᠠᠨ ᠨᠢᠭᠡ ᠤᠳᠠᠭ᠎ᠠ ᠶᠢᠨ ᠴᠢᠨᠠᠷᠲᠠᠢ ᠪᠤᠴᠠᠭᠠᠬᠤ ᠴᠢᠬᠤᠯᠠᠲᠠᠢ ᠤᠤ︖ ᠵᠢᠭᠡᠯᠡᠯᠭᠡ ᠪᠠᠨ ᠤᠷᠢᠳᠴᠢᠯᠠᠨ | ᠲᠥᠯᠥᠵᠦ ᠳᠠᠭᠤᠰᠬᠠᠬᠤ ᠴᠢᠬᠤᠯᠠ ᠦᠭᠡᠢ᠃ ᠵᠣᠭᠤᠰ ᠵᠢᠭᠡᠯᠡᠭᠴᠢ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠵᠢᠭᠡᠯᠡᠯᠭᠡ ᠭᠤᠶᠤᠴᠢᠯᠠᠭᠰᠠᠨ ᠤ ᠲᠠᠷᠠᠭ᠎ᠠ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ᠵᠢᠭᠡᠯᠡᠯᠭᠡ ᠶᠢᠨ ᠮᠦᠩᠭᠦ ᠶᠢ ᠤᠤᠯ ᠤᠨ ᠬᠤᠳᠠᠯᠳᠤᠭᠠᠨ ᠤ | ᠪᠠᠩᠬᠢ ᠶᠢᠨ ᠵᠢᠭᠡᠯᠡᠯᠭᠡ ᠶᠢᠨ ᠵᠣᠭᠤᠰ ᠪᠤᠴᠠᠭᠠᠬᠤ ᠲᠠᠩᠰᠠᠨ ᠡᠷᠦᠭᠡ ᠳᠤ ᠰᠢᠭᠤᠳ ᠣᠷᠣᠭᠤᠯᠤᠨ᠎ᠠ᠂ ᠵᠣᠭᠤᠰ | ᠵᠢᠭᠡᠯᠡᠭᠴᠢ ᠲᠠᠬᠢᠭᠠᠳ ᠤᠤᠯ ᠤᠨ ᠬᠤᠳᠠᠯᠳᠤᠭᠠᠨ ᠤ ᠪᠠᠩᠬᠢ ᠳᠤ ᠣᠴᠢᠵᠤ ᠵᠢᠭᠡᠯᠡᠯᠭᠡ ᠪᠠᠨ ᠲᠥᠯᠥᠵᠦ | ᠳᠠᠭᠤᠰᠬᠠᠭᠠᠳ᠂ ᠤᠤᠯ ᠤᠨ ᠬᠤᠳᠠᠯᠳᠤᠭᠠᠨ ᠤ ᠪᠠᠩᠬᠢ ᠶᠢᠨ ᠪᠠᠷᠢᠴᠠᠭ᠎ᠠ ᠪᠠᠨ ᠬᠦᠴᠦᠨ ᠦᠭᠡᠢ ᠪᠣᠯᠭᠠᠨ᠎ᠠ᠃ | |