ᠤᠶᠤᠲᠠᠨ ᠠᠮᠢᠳᠤᠷᠠᠯ ᠮᠢᠨᠢ ᠡᠬᠢᠯᠡᠯ᠎ᠡ
ᠨᠡᠶᠢᠲᠡᠯᠡᠭᠰᠡᠨ ᠴᠠᠭ᠄
2023/8/23
      8 ᠳ᠋ᠤᠭᠠᠷ ᠰᠠᠷ᠎ᠠ ᠶᠢᠨ 19 ᠤ ᠡᠳᠦᠷ ᠰᠢᠨ᠎ᠡ ᠤᠶᠤᠳᠠᠨ ᠰᠤᠷᠭᠠᠭᠤᠯᠢ ᠶᠢᠨ ᠬᠦᠷᠢᠶᠡᠨ ᠳᠤ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠬᠠᠮᠲᠤ ᠰᠡᠭᠦᠳᠡᠷ ᠲᠠᠲᠠᠵᠤ ᠳᠤᠷᠠᠰᠬᠠᠯ ᠦᠯᠡᠳᠡᠭᠡᠵᠦ ᠪᠠᠶᠢᠭ᠎ᠠ ᠨᠢ᠃ 8 ᠳ᠋ᠤᠭᠠᠷ ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ 2023 ᠣᠨ ᠤ ᠵᠢᠩᠬᠢᠨᠢ ᠠᠩᠭᠢ ᠶᠢᠨ 4182 ᠰᠢᠨ᠎ᠡ ᠰᠣᠷᠣᠭᠴᠢ ᠰᠤᠷᠭᠠᠭᠤᠯᠢ ᠳᠠᠭᠠᠨ ᠣᠷᠣᠵᠤ ᠨᠡᠷ᠎ᠡ ᠮᠡᠳᠡᠭᠦᠯᠦᠨ᠂ 40 ᠭᠠᠷᠤᠢ ᠡᠳᠦᠷ ᠨᠠᠮ ᠵᠢᠮ ᠪᠠᠶᠢᠭᠰᠠᠨ ᠰᠤᠷᠭᠠᠭᠤᠯᠢ ᠶᠢᠨ ᠬᠦᠷᠢᠶ᠎ᠡ ᠳᠠᠬᠢᠨᠲᠠ ᠬᠥᠷ ᠬᠥᠭᠵᠢᠶᠡᠨ ᠲᠠᠢ ᠪᠣᠯᠪᠠ᠃ ᠵᠣᠨ ᠤ ᠠᠮᠠᠷᠠᠯᠲᠠ ᠰᠢᠪᠲᠤᠷᠭᠠᠨ ᠳᠠᠭᠠᠨ ᠣᠷᠣᠵᠤ᠂ ᠮᠠᠨ ᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠡᠬᠢᠯᠡᠬᠦ ᠴᠠᠭ ᠢ ᠵᠠᠯᠭᠠᠪᠡᠷ ᠨᠡᠶᠢᠲᠡᠯᠡᠵᠦ᠂ ᠰᠤᠷᠤᠭᠴᠢᠳ ᠴᠤ ᠰᠤᠷᠤᠯᠭ᠎ᠠ ᠡᠬᠢᠯᠡᠬᠦ ᠪᠡᠯᠡᠳᠬᠡᠯ ᠢᠶᠠᠨ ᠬᠢᠵᠦ᠂ ᠤᠳᠠᠯ ᠦᠭᠡᠢ ᠶᠡᠭᠡ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢᠶᠠᠨ ᠡᠬᠢᠯᠡᠭᠦᠯᠬᠦ ᠪᠠᠷ ᠬᠦᠰᠡᠨ ᠬᠦᠯᠢᠶᠡᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号