ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠡᠷᠭᠡ ᠵᠣᠭᠰᠣᠭᠠᠬᠤ ᠡᠮᠬᠢ ᠳᠢᠭᠯᠢᠮ ᠢ ᠰᠢᠯᠢᠳᠡᠭᠵᠢᠭᠦᠯᠵᠦ ᠠᠷᠠᠳ ᠲᠤ ᠲᠥᠬᠦᠮ ᠦᠵᠡᠭᠦᠯᠬᠦ ᠰᠢᠨ᠎ᠡ ᠰᠠᠭᠤᠷᠢ ᠶᠢ ᠪᠣᠶ ᠪᠣᠯᠭᠠᠪᠠ
ᠨᠡᠶᠢᠲᠡᠯᠡᠭᠰᠡᠨ ᠴᠠᠭ᠄
2023/8/28
     ᠤᠢᠢᠷ᠎ᠠ ᠶᠢᠨ ᠵᠢᠯ ᠤᠨ ᠲᠤᠷᠰᠢ᠂ ᠢᠦᠢ ᠴᠢᠤᠸᠠᠨ ᠲᠣᠭᠤᠷᠢᠭ ᠲᠥᠷᠥᠯᠬᠢ ᠡᠬᠢ ᠪᠠᠶᠠᠯᠢᠭ ᠢᠶᠠᠷ ᠰᠠᠭᠤᠷᠢ ᠪᠣᠯᠭᠠᠵᠤ᠂ ᠲᠡᠦᠬᠡ ᠰᠣᠶᠣᠯ ᠤᠨ ᠰᠤᠳᠠᠰᠤ ᠶᠢᠨ ᠡᠬᠢ ᠪᠠᠶᠠᠯᠢᠭ ᠢ ᠭᠦᠨ ᠠᠭᠤᠳᠠᠯᠵᠤ᠂ ︽ᠰᠤᠶᠤᠯ ᠢ ᠳᠡᠭᠡᠳᠦᠯᠡᠬᠦ︾ ᠢᠦᠢ ᠴᠢᠤᠸᠠᠨ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠠᠢ᠃ ᠭᠡᠪᠡᠴᠦ ᠲᠡᠤᠬᠡ ᠶᠢᠨ ᠲᠥᠯᠥᠪᠵᠢᠭᠦᠯᠭᠡ ᠵᠡᠷᠭᠡ ᠰᠢᠯᠲᠠᠭᠠᠨ ᠠᠴᠠ ᠪᠣᠯᠵᠣ᠂ ᠭᠤᠤᠯ ᠪᠣᠯᠬᠤ ᠬᠤᠲᠠ ᠶᠢᠨ ᠲᠣᠭᠤᠷᠢᠭ ᠤᠨ ᠬᠡᠪᠴᠢᠶᠡᠨ ᠳᠤ ᠬᠡᠷᠡᠭᠯᠡᠵᠦ ᠪᠣᠯᠬᠤ ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠨᠡᠯᠢᠶᠡᠳ ᠪᠠᠭ᠎ᠠ ᠪᠠᠶᠢᠵᠤ᠂ ︽ᠥᠯᠥ ᠣᠨᠣᠭᠳᠠᠬᠤ ᠭᠠᠵᠠᠷ︾ ᠤᠨ ᠬᠡᠷᠡᠭᠯᠡᠬᠦ ᠭᠠᠵᠠᠷ ᠬᠠᠷᠠᠬᠠᠨ ᠨᠡᠭᠡᠭᠡᠨ ᠠᠰᠢᠭᠯᠠᠭᠠᠳᠤᠶ ᠪᠠᠶᠢᠵᠤ᠂ ︽ᠰᠤᠶᠤᠯ ᠢ ᠳᠡᠭᠡᠳᠦᠯᠡᠬᠦ︾ ᠬᠤᠲᠠ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠵᠣᠬᠢᠬᠤ ᠬᠡᠮᠵᠢᠶ᠎ᠡ ᠪᠠᠷ ᠬᠢᠵᠠᠭᠠᠷᠯᠠᠵᠤ ᠪᠠᠶᠢᠬᠤ ᠶᠢᠨ ᠵᠡᠷᠭᠡ ᠳᠤ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠳᠤᠷ᠎ᠠ ᠪᠠᠷ ᠢᠶᠠᠨ ᠵᠣᠭᠰᠣᠭᠠᠬᠤ᠂ ᠵᠣᠭᠰᠣᠭᠠᠬᠤ ᠭᠠᠵᠠᠷ ᠥᠬᠡᠶ ᠪᠠᠶᠢᠬᠤ ᠠᠰᠠᠭᠤᠳᠠᠯ ᠨᠢ ᠠᠯᠬᠤᠮ ᠠᠯᠬᠤᠮ ᠢᠶᠠᠷ ᠰᠢᠨ᠎ᠡ ︽ᠬᠤᠲᠠ ᠶᠢᠨ ᠡᠪᠡᠳᠴᠢᠨ︾ ᠪᠣᠯᠵᠣ᠂ ᠣᠯᠠᠨ ᠲᠦᠮᠡᠨ ᠳᠤ ᠵᠢᠮᠡᠯᠡᠭᠳᠡᠭᠡᠳ ᠤᠳᠠᠵᠤ ᠪᠠᠶᠢᠨ᠎ᠠ᠃
     ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠡᠲᠡᠭᠡᠷ ︽ᠬᠦᠴᠢᠷ ᠠᠰᠠᠭᠤᠳᠠᠯ︾ ᠳᠤ ᠴᠢᠭᠯᠡᠭᠦᠯᠦᠨ᠂ ︽ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠵᠠᠶ ᠵᠠᠪᠰᠠᠷ ᠭᠠᠷᠭᠠᠵᠤ᠂ ᠲᠡᠷᠭᠡ ᠵᠣᠭᠰᠣᠭᠠᠬᠤ ᠶᠢ ᠬᠠᠮᠲᠤ ᠪᠠᠷ ᠡᠳ᠋ᠯᠡᠬᠦ︾ ᠰᠢᠨ᠎ᠡ ᠶᠢ ᠡᠭᠦᠳᠬᠦ ᠰᠡᠳᠬᠢᠮᠵᠢ ᠶᠢ ᠲᠣᠭᠲᠠᠭᠠᠵᠤ᠂ ᠪᠦᠲᠦᠭᠡᠯᠴᠢ ᠴᠢᠨᠠᠷᠲᠠᠶ ᠪᠠᠷ ᠠᠵᠢᠯ ᠢᠶᠠᠨ ᠥᠷᠨᠢᠭᠦᠯᠪᠡ᠃ ᠨᠢᠭᠡ ᠲᠠᠯ᠎ᠠ ᠪᠠᠷ ᠦᠵᠡᠮᠵᠢ ᠶᠢᠨ ᠴᠡᠭ ᠤᠨ ᠡᠷᠬᠢᠨ ᠲᠣᠭᠤᠷᠢᠨ ᠤ ᠵᠠᠮ ᠢ ᠪᠠᠶᠢᠴᠠᠭᠠᠨ ᠵᠢᠭᠰᠠᠭᠠᠬᠤ ᠠᠵᠢᠯ ᠢ ᠴᠢᠩᠭᠠᠳᠬᠠᠵᠤ᠂ ᠲᠡᠷᠭᠡ ᠵᠣᠭᠰᠣᠭᠠᠬᠤ ᠭᠠᠵᠠᠷ ᠢ ᠵᠠᠭᠠᠭᠯᠠᠨ ᠵᠢᠷᠤᠭᠰᠠᠨ ᠵᠠᠮ ᠤᠨ ᠬᠡᠰᠡᠭ ᠲᠤ᠂ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠰᠦᠢᠳᠭᠡᠯ ᠬᠤᠷᠢᠶᠠᠬᠤ ᠥᠬᠡᠶ ᠪᠠᠷ ᠲᠡᠷᠭᠡ ᠵᠣᠭᠰᠣᠭᠠᠬᠤ ᠭᠠᠵᠠᠷ ᠢ ᠵᠠᠭᠠᠭᠯᠠᠨ ᠵᠢᠷᠤᠭᠰᠠᠨ ᠪᠥᠭᠡᠳ ᠣᠲᠣ ᠪᠣᠯᠲᠠᠯ᠎ᠠ ᠨᠡᠶᠢᠲᠡ 50 ᠭᠠᠷᠤᠶ ᠲᠡᠷᠭᠡ ᠵᠣᠭᠰᠣᠭᠠᠬᠤ ᠭᠠᠵᠠᠷ ᠢ ᠵᠠᠭᠠᠭᠯᠠᠨ ᠵᠢᠷᠤᠭᠰᠠᠨ ᠪᠠᠶᠢᠨ᠎ᠠ᠃ ᠨᠥᠭᠦᠭᠡ ᠲᠠᠯ᠎ᠠ ᠪᠠᠷ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠵᠣᠬᠢᠴᠠᠭᠤᠯᠬᠤ ᠡᠷᠴᠢᠮ ᠢ ᠴᠢᠩᠭᠠᠷᠠᠭᠤᠯᠵᠤ᠂ ᠭᠠᠯ ᠬᠦᠭ ᠢ ᠨᠢ ᠦᠩᠭᠡᠷᠡᠭᠡᠵᠦ ᠨᠡᠭᠡᠭᠡᠬᠦ᠂ ᠲᠡᠷᠭᠡᠨ ᠵᠣᠭᠰᠣᠭᠠᠯ ᠢ ᠬᠠᠮᠲᠤ ᠪᠠᠷ ᠡᠳ᠋ᠯᠡᠬᠦ ᠠᠷᠭ᠎ᠠ ᠮᠠᠶ᠋ᠢᠭ ᠢ ᠠᠪᠴᠤ᠂ ᠨᠡᠶᠢᠲᠡ 80 ᠭᠠᠷᠤᠶ ᠲᠡᠷᠭᠡᠨ ᠵᠣᠭᠰᠣᠭᠠᠯ ᠢ ᠰᠤᠯᠠᠯᠠᠵᠤ᠂ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ︽ᠲᠡᠷᠭᠡ ᠵᠣᠭᠰᠣᠭᠠᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠶᠡᠭᠡ ᠪᠠᠷ ᠨᠠᠮᠳᠠᠭᠤᠯᠪᠠ᠃
     ︽ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠳᠤᠷ᠎ᠠ ᠪᠠᠷ ᠢᠶᠠᠨ ᠵᠣᠭᠰᠣᠭᠠᠬᠤ᠂ ᠳᠤᠷ᠎ᠠ ᠪᠠᠷ ᠢᠶᠠᠨ ᠲᠠᠯᠪᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠬᠠᠮᠲᠤ ᠪᠠᠷ ᠡᠳ᠋ᠯᠡᠬᠦ ᠳᠤᠭᠤᠶ ᠲᠡᠷᠭᠡ ᠶᠢᠨ ᠡᠵᠡᠩᠨᠡᠯᠲᠡ ᠶᠢᠨ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠴᠠᠭᠤᠯᠵᠤ᠂ ︿ᠲᠣᠭᠤᠷᠢᠭ ᠬᠤᠪᠢᠶᠠᠨ ᠡᠭᠡᠯᠵᠢᠯᠡᠭᠦᠯᠬᠦ﹀ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠲᠣᠭᠤᠷᠢᠨ ᠪᠠᠶᠢᠴᠠᠭᠠᠬᠤ ᠠᠵᠢᠯ ᠢ ᠲᠠᠰᠤᠷᠠᠯᠲᠠ ᠥᠬᠡᠶ ᠥᠷᠨᠢᠭᠦᠯᠵᠦ᠂ ᠬᠠᠮᠢᠶᠠᠷᠤᠯᠲᠠ ᠶᠢᠨ ᠣᠷᠣᠨ ᠪᠦᠰᠡ ᠨᠢᠭᠡᠪᠦᠷᠢ ᠳᠤ 1 ᠪᠤᠶᠤ 2 ᠬᠠᠮᠲᠤ ᠪᠠᠷ ᠡᠳ᠋ᠯᠡᠬᠦ ᠳᠤᠭᠤᠶ ᠲᠡᠷᠭᠡ ᠶᠢᠨ ᠠᠵᠤ ᠠᠬᠤᠶᠢᠯᠠᠯ ᠠᠴᠠ ᠬᠡᠰᠡᠭ ᠣᠷᠣᠨ ᠤ ᠳᠣᠲᠣᠷᠠᠬᠢ ᠪᠣᠶ ᠪᠥᠬᠦᠶ ᠨᠠᠷᠠᠲᠤ ᠲᠡᠮᠳᠡᠭᠲᠦ ᠳᠤᠭᠤᠶ ᠲᠡᠷᠭᠡ ᠶᠢ ᠵᠢᠷᠤᠮᠵᠢᠭᠤᠯᠤᠨ ᠲᠠᠯᠪᠢᠬᠤ ᠠᠵᠢᠯ ᠢ ᠬᠠᠷᠢᠭᠤᠴᠠᠵᠤ᠂ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠳᠤᠷ᠎ᠠ ᠪᠠᠷ ᠢᠶᠠᠨ ᠲᠠᠯᠪᠢᠬᠤ ᠠᠰᠠᠭᠤᠳᠠᠯ ᠢ ᠬᠦᠴᠦᠲᠡᠶ ᠰᠢᠢᠳᠪᠦᠷᠢᠯᠡᠪᠡ︾ ᠭᠡᠵᠦ ᠢᠦᠢ ᠴᠢᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ᠶᠢᠨ ᠬᠤᠳᠠ ᠶᠢᠨ ᠦᠵᠡᠮᠵᠢ ᠶᠢᠨ ᠲᠠᠰᠤᠭ ᠤᠨ ᠳᠠᠷᠤᠭ᠎ᠠ ᠺᠠᠩ ᠵᠢᠩ ᠢᠦᠢ ᠬᠡᠯᠡᠪᠡ᠃
     ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠬᠠᠮᠢᠶᠠᠷᠤᠯᠲᠠ ᠶᠢᠨ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠳᠠᠪᠠᠭᠤᠯᠢᠭ ᠢᠶᠠᠨ ᠢᠳᠡᠪᠬᠢᠲᠡᠶ ᠪᠠᠳᠠᠷᠠᠭᠤᠯᠵᠤ᠂ ᠪᠠᠶᠢᠴᠠᠭᠠᠨ ᠰᠤᠳᠤᠯᠤᠯᠲᠠ ᠶᠢᠨ ᠠᠵᠢᠯ ᠢ ᠭᠦᠨᠵᠡᠭᠡᠶ ᠥᠷᠨᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠬᠠᠨᠳᠤᠰᠢ ᠳᠤᠨᠢ ᠲᠣᠬᠢᠷᠠᠭᠤᠯᠤᠨ ᠴᠢᠳᠠᠮᠠᠭᠠᠶ ᠪᠠᠷ ᠵᠢᠯᠣᠭᠤᠳᠬᠤ ᠵᠠᠷᠴᠢᠮ ᠢ ᠪᠠᠷᠢᠮᠲᠠᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠲᠤ ᠡᠵᠡᠮᠳᠡᠵᠦ᠂ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠤᠨ᠂ ᠰᠡᠶᠢᠷᠡᠭᠦᠯᠬᠦ ᠪᠠᠷ ᠭᠤᠤᠯ ᠪᠣᠯᠭᠠᠵᠤ᠂  ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠂ ︽ᠰᠤᠶᠤᠯ ᠢ ᠳᠡᠭᠡᠳᠦᠯᠡᠬᠦ︾ ᠬᠤᠲᠠ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号