ᠡᠮᠦᠨ᠎ᠡ ᠪᠠ ᠯᠢ ᠲᠣᠰᠬᠤᠨ ᠤ ᠰᠢᠨ᠎ᠡ ᠰᠣᠷᠭᠤᠭ ᠡᠷᠳᠡᠨᠢ ᠰᠢᠰᠢ ᠶᠢᠨ ᠡᠯᠪᠡᠭ ᠬᠤᠷᠢᠶᠠᠯᠲᠠ ᠶᠢᠨ ᠪᠠᠶᠠᠷ ᠡᠬᠢᠯᠡᠪᠡ
ᠨᠡᠶᠢᠲᠡᠯᠡᠭᠰᠡᠨ ᠴᠠᠭ᠄
2023/8/31
     ᠤᠢᠢᠷ᠎ᠠ ᠶᠢᠨ ᠡᠳᠦᠷ᠂ ᠢᠦᠢ ᠴᠢᠤᠸᠠᠨ ᠲᠣᠭᠤᠷᠢᠭ ᠤᠨ ᠤᠷᠳᠤᠰ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠮᠦᠨ᠎ᠡ ᠪᠠ ᠯᠢ ᠲᠣᠰᠬᠤᠨ ᠳᠤ ᠪᠠᠶᠠᠷ ᠬᠦᠷ ᠲᠠᠢ ᠪᠠᠶᠢᠳᠠᠯ ᠢᠯᠡᠷᠡᠵᠦ᠂ ᠬᠥᠮᠦᠰ ᠤᠨ ᠳᠠᠭᠤᠨ ᠨᠢᠵᠢᠭᠢᠨᠡᠵᠦ᠂ ᠡᠷᠳᠡᠨᠢ ᠰᠢᠰᠢ ᠶᠢᠨ ᠦᠨᠦᠷ ᠬᠠᠩᠬᠤᠯᠵᠤ ᠪᠠᠶᠢᠯ᠎ᠠ᠃ ᠡᠨᠡ ᠤᠳᠠᠭᠠᠨ ᠤ ᠰᠢᠨ᠎ᠡ ᠰᠣᠷᠭᠤᠭ ᠡᠷᠳᠡᠨᠢ ᠰᠢᠰᠢ ᠶᠢᠨ ᠡᠯᠪᠡᠭ ᠬᠤᠷᠢᠶᠠᠯᠲᠠ ᠶᠢᠨ ᠪᠠᠶᠠᠷ ᠨᠢ ᠥᠷᠭᠡᠨ ᠤᠯᠠᠨ ᠲᠠᠷᠢᠮᠠᠯ ᠤᠨ ᠲᠠᠷᠢᠶᠠᠴᠢᠨ ᠡᠷᠦᠭᠡ ᠪᠣᠯᠤᠨ ᠬᠤᠳᠠ ᠶᠢᠨ ᠠᠷᠠᠳ ᠤᠯᠠᠨ ᠢ ᠨᠢᠭᠡ ᠲᠠᠩᠬᠢᠮ ᠳᠤ ᠴᠤᠭᠯᠠᠷᠠᠭᠤᠯᠵᠤ᠂ ᠡᠯᠪᠡᠭ ᠬᠤᠷᠢᠶᠠᠯᠲᠠ ᠶᠢᠨ ᠦᠷ᠎ᠡ ᠵᠢᠮᠢᠰ ᠢ ᠠᠮᠲᠠᠯᠠᠭᠤᠯᠵᠠᠢ᠃ ᠰᠢᠬᠢᠷᠯᠢᠭ ᠡᠷᠳᠡᠨᠢ ᠰᠢᠰᠢ᠂ ᠰᠢᠯᠦᠬᠡᠶ ᠡᠷᠳᠡᠨᠢ ᠰᠢᠰᠢ᠂ ᠵᠢᠮᠢᠰ ᠤᠨ ᠡᠷᠳᠡᠨᠢ ᠰᠢᠰᠢ ᠶᠢ ᠲᠤᠬᠠᠶ ᠶᠢᠨ ᠲᠠᠯᠠᠪᠠᠶ ᠶᠢᠨ ︽ᠢᠳᠡᠭᠡᠨ ᠤ ᠬᠥᠮᠦᠰ︾ ᠲᠤ ᠵᠠᠪᠳᠤᠨ ᠠᠮᠲᠠᠯᠠᠭᠤᠯᠵᠤ᠂ ᠬᠥᠷ ᠨᠠᠷᠭᠢᠶᠠᠨ ᠲᠠᠢ ᠠᠭᠤᠷ ᠠᠮᠢᠰᠬᠤᠯ ᠢᠶᠠᠷ ᠦᠯᠡᠮᠵᠢ ᠣᠯᠠᠨ ᠬᠤᠲᠠ ᠶᠢᠨ ᠠᠷᠠᠳ ᠤᠨ ᠠᠩᠬᠠᠷᠤᠯ ᠢ ᠲᠠᠲᠠᠵᠤ᠂ ᠡᠯ᠎ᠡ ᠳᠡᠯᠭᠡᠴᠡ ᠶᠢᠨ ᠡᠮᠦᠨ᠎ᠡ ᠬᠥᠮᠦᠰ ᠤᠨ ᠠᠩᠬᠠᠷᠤᠯ ᠢ ᠲᠠᠲᠠᠵᠤ ᠪᠠᠶᠢᠯ᠎ᠠ᠃
     ᠡᠮᠦᠨ᠎ᠡ ᠪᠠ ᠯᠢ ᠲᠣᠰᠬᠤᠨ ᠨᠢ ᠬᠤᠳᠠ ᠠᠴᠠ ᠨᠠᠢᠮᠠᠨ ᠭᠠᠵᠠᠷ ᠵᠠᠶᠢᠲᠠᠢ ᠪᠠᠶᠢᠳᠠᠭ ᠢᠶᠠᠷ ᠢᠶᠠᠨ ᠨᠡᠷᠡᠯᠡᠭᠳᠡᠵᠦ᠂ ᠢᠦᠢ ᠴᠢᠤᠸᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠪᠣᠯᠤᠨ ᠪᠠᠷᠠᠭᠤᠨ ᠬᠤᠶᠠᠳᠤᠭᠠᠷ ᠲᠣᠭᠤᠷᠢᠯ ᠵᠠᠮ ᠤᠨ ᠠᠭᠤᠯᠵᠠᠷ ᠲᠤ ᠪᠠᠶᠢᠷᠢᠯᠠᠵᠤ᠂ ᠲᠣᠰᠬᠤᠨ ᠤ ᠠᠷᠠᠳ ᠤᠨ ᠣᠯᠠᠩᠬᠢ ᠨᠢ ᠡᠷᠳᠡᠨᠢ ᠰᠢᠰᠢ ᠲᠠᠷᠢᠬᠤ ᠪᠠᠷ ᠭᠤᠣᠯᠯᠠᠵᠤ᠂ ᠵᠢᠯ ᠪᠦᠷᠢ ᠶᠢᠨ ᠬᠤᠷ᠎ᠠ ᠶᠢᠨ ᠤᠷᠢᠳ ᠬᠤᠵᠢᠳ ᠢᠶᠠᠷ ᠡᠬᠢᠯᠡᠨ ᠲᠠᠷᠢᠵᠦ᠂ 7 ᠰᠠᠷ᠎ᠠ ᠶᠢᠨ ᠰᠡᠭᠦᠯᠴᠢ ᠠᠴᠠ ᠤᠯᠤᠰ ᠤᠨ ᠪᠠᠶᠠᠷ ᠤᠨ ᠳᠠᠷᠠᠭ᠎ᠠ ᠪᠣᠯᠲᠠᠯ᠎ᠠ ᠴᠥᠮ ᠰᠢᠨ᠎ᠡ ᠰᠣᠷᠭᠤᠭ ᠡᠷᠳᠡᠨᠢ ᠰᠢᠰᠢ ᠵᠠᠬ᠎ᠠ ᠳᠡᠯᠭᠡᠭᠦᠷ ᠲᠤ ᠭᠠᠷᠳᠠᠭ᠃
     ᠣᠶᠢᠯᠠᠭᠠᠭᠰᠠᠨ ᠢᠶᠠᠷ᠂ ᠡᠨᠡ ᠵᠢᠯ ᠤᠨ ᠡᠮᠦᠨ᠎ᠡ ᠪᠠ ᠯᠢ ᠲᠣᠰᠬᠤᠨ ᠤ ᠰᠢᠨ᠎ᠡ ᠰᠣᠷᠭᠤᠭ ᠡᠷᠳᠡᠨᠢ ᠰᠢᠰᠢ ᠶᠢᠨ ᠳᠠᠷᠢᠬᠤ ᠲᠠᠯᠠᠪᠠᠶ 1000 ᠭᠠᠷᠤᠶ ᠮᠥ ᠪᠠᠶᠢᠵᠤ᠂ ᠠᠳᠡ ᠳᠠᠷᠢᠵᠤ ᠪᠠᠶᠢᠭ᠎ᠠ ᠰᠢᠨ᠎ᠡ ᠰᠣᠷᠭᠤᠭ ᠡᠷᠳᠡᠨᠢ ᠰᠢᠰᠢ ᠶᠢᠨ ᠲᠥᠷᠥᠯ ᠵᠦᠢᠯ ᠣᠯᠠᠨ ᠶᠠᠩᠵᠤ ᠶᠢᠨ ᠪᠠᠶᠢᠵᠤ᠂ ᠵᠠᠷᠢᠮ ᠤᠨ ᠬᠢᠨᠢ ᠠᠷᠠᠰᠤ ᠨᠢ ᠨᠢᠮᠭᠡᠨ ᠰᠢᠭᠠᠷᠤ ᠥᠬᠡᠶ᠂ ᠵᠠᠷᠢᠮ ᠤᠨ ᠬᠢᠨᠢ ᠬᠡᠦᠷᠡᠭ ᠰᠢᠬᠢᠷᠯᠢᠭ ᠠᠮᠲᠠᠲᠠᠶ᠂ ᠵᠠᠷᠢᠮ ᠨᠢ ᠰᠢᠯᠦᠬᠡᠶ ᠰᠢᠬᠢᠷᠯᠢᠭ ᠪᠠᠶᠢᠵᠤ᠂ ᠬᠡᠷᠡᠭᠯᠡᠭᠴᠢᠳ ᠤᠨ ᠬᠦᠷᠢᠶᠡᠯᠡᠯ ᠢ ᠶᠡᠭᠡ ᠪᠠᠷ ᠣᠯᠵᠤ ᠪᠠᠶᠢᠨ᠎ᠠ᠃ ᠬᠤᠳᠠ ᠶᠢᠨ ᠠᠷᠠᠳ ᠤᠯᠠᠨ ᠲᠠᠷᠢᠶᠠᠨ ᠭᠠᠵᠠᠷ ᠲᠤ ᠬᠦᠷᠴᠦ ᠲᠡᠭᠦᠬᠦ ᠬᠠᠪᠤ ᠴᠡᠩᠭᠡᠯ ᠢ ᠪᠡᠶᠡᠴᠢᠯᠡᠨ ᠣᠶᠢᠯᠠᠭᠠᠵᠤ ᠪᠣᠯᠬᠤ ᠪᠥᠭᠡᠳ ᠤᠯᠠᠨ ᠵᠦᠢᠯ ᠤᠨ ᠪᠣᠷᠣᠯᠠᠭᠤᠯᠭ᠎ᠠ ᠶᠢᠨ ᠠᠷᠭ᠎ᠠ ᠬᠡᠯᠪᠡᠷᠢ ᠪᠠᠷ ᠡᠯ᠎ᠡ ᠲᠠᠷᠢᠮᠠᠯ ᠤᠨ ᠲᠠᠷᠢᠶᠠᠴᠢᠨ ᠡᠷᠤᠭᠡ ᠶᠢᠨ ᠬᠠᠮᠲᠤᠪᠠᠷ ᠬᠥᠭᠵᠢᠨ ᠪᠠᠶᠠᠵᠢᠬᠤ ᠶᠢ ᠢᠳᠡᠪᠬᠢᠲᠡᠢ ᠠᠬᠢᠭᠤᠯᠵᠤ ᠪᠣᠯᠤᠨ᠎ᠠ᠃
     ᠲᠣᠰ ᠤᠳᠠᠭᠠᠨ ᠤ ᠰᠢᠨ᠎ᠡ ᠰᠣᠷᠭᠤᠭ ᠡᠷᠳᠡᠨᠢ ᠰᠢᠰᠢ ᠶᠢᠨ ᠡᠯᠪᠡᠭ ᠬᠤᠷᠢᠶᠠᠯᠲᠠ ᠶᠢᠨ ᠪᠠᠶᠠᠷ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠡᠷᠳᠡᠨᠢ ᠰᠢᠰᠢ ᠶᠢᠨ ᠡᠭᠦᠯᠳᠡᠷ ᠤᠨ ᠦᠵᠡᠭᠦᠯᠦᠯᠭᠡ ᠪᠠ ᠰᠢᠯᠭᠠᠨ ᠢᠯᠭᠠᠬᠤ ᠪᠠᠶᠢᠬᠤ ᠪᠠᠷ ᠪᠠᠷᠠᠬᠤ ᠥᠬᠡᠶ᠂ ᠪᠠᠰᠠ ᠢᠦᠢ ᠴᠢᠤᠸᠠᠨ ᠲᠣᠭᠤᠷᠢᠭ ᠤᠨ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠠᠯᠪᠠᠨ ᠵᠢᠷᠤᠮ ᠤᠨ ᠡᠮᠴᠢᠯᠡᠭᠡ ᠶᠢ ᠬᠥᠳᠡᠭᠡ ᠲᠣᠰᠬᠤᠨ ᠳᠤ ᠬᠦᠷᠭᠡᠬᠦ ᠵᠡᠷᠭᠡ ᠦᠢᠯᠡᠴᠢᠯᠡᠭᠡ ᠶᠢ ᠥᠷᠨᠢᠭᠦᠯᠵᠦ᠂ ᠲᠠᠷᠢᠶᠠᠴᠢᠳ ᠤᠨ ᠵᠣᠯ ᠵᠢᠷᠭᠠᠯᠲᠤ ᠰᠡᠳᠬᠢᠯᠭᠡ᠂ ᠬᠦᠷᠲᠡᠮᠵᠢ ᠶᠢᠨ ᠰᠡᠳᠬᠢᠯᠭᠡ ᠪᠠ ᠢᠷᠠᠭᠤ ᠠᠯᠳᠠᠷ ᠤᠨ ᠰᠡᠳᠬᠢᠯᠭᠡ ᠶᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠠ᠃ ᠡᠭᠦᠨ ᠤ ᠬᠠᠮᠲᠤ ᠲᠤᠰ  ᠤᠳᠠᠭᠠᠨ ᠤ ᠠᠵᠢᠯᠯᠠᠭ᠎ᠠ ᠪᠠᠷ ᠳᠠᠮᠵᠢᠨ᠂ ᠡᠮᠦᠨ᠎ᠡ ᠪᠠ ᠯᠢ ᠲᠣᠰᠬᠤᠨ ᠤ ᠰᠢᠨ᠎ᠡ ᠰᠣᠷᠭᠤᠭ ᠡᠷᠳᠡᠨᠢ ᠰᠢᠰᠢ ᠶᠢᠨ ᠠᠯᠳᠠᠷᠰᠢᠯ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠰᠢᠨ᠎ᠡ ᠰᠣᠷᠭᠤᠭ ᠡᠷᠳᠡᠨᠢ ᠰᠢᠰᠢ ᠶᠢ ᠬᠤᠲᠠ ᠶᠢᠨ ᠠᠷᠠᠳ ᠤᠯᠠᠨ ᠤ ᠠᠮᠢᠳᠤᠷᠠᠯ ᠳᠤ ᠣᠷᠣᠭᠤᠯᠵᠤ᠂ ᠤᠯᠠᠨ ᠤ ᠬᠤᠭᠤᠯᠠᠨ ᠰᠢᠷᠡᠭᠡᠨ ᠳᠤ ᠭᠠᠷᠭᠠᠬᠤ ᠪᠣᠯᠤᠨ᠎ᠠ᠃
              ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号