ᠢᠦᠶ ᠴᠢᠤᠸᠠᠨ ᠲᠣᠭᠤᠷᠢᠭ ᠤᠨ ᠬᠢᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ︽ᠪᠥᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ ᠠᠵᠢᠯᠯᠠᠭ᠎ᠠ︾ ᠶᠢᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/8/7
     ᠤᠯᠠᠨ ᠨᠡᠶᠢᠲᠡ ᠶᠢᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠵᠦ᠂ ᠮᠡᠬᠡᠯᠡᠯ ᠢ ᠡᠰᠡᠷᠭᠦᠴᠡᠬᠦ ᠮᠡᠬᠡᠯᠡᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠮᠡᠬᠡᠯᠡᠯ ᠤᠨ ᠠᠵᠢᠯᠯᠠᠭ᠎ᠠ ᠶᠢᠨ ᠰᠣᠨᠣᠷ ᠰᠡᠷᠡᠮᠵᠢ ᠶᠢ ᠴᠢᠩᠭᠠᠳᠬᠠᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠮᠡᠬᠡᠯᠡᠭᠳᠡᠬᠦ ᠲᠦᠭᠰᠢᠭᠦᠷᠢ ᠶᠢ ᠪᠠᠭᠠᠰᠬᠠᠬᠤ ᠶᠢᠨ ᠲᠥᠯᠥᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠭᠤᠮᠲᠠ ᠶᠢᠨ ᠬᠠᠭᠤᠴᠢᠨ ᠵᠡᠭᠡᠯᠢ ᠶᠢᠨ ᠲᠣᠭᠤᠷᠢᠭ ᠲᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ︽ᠪᠥᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ ᠠᠵᠢᠯᠯᠠᠭ᠎ᠠ︾ ᠶᠢᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
     ᠠᠵᠢᠯᠲᠠᠳ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠤᠬᠠᠭᠤᠯᠭ᠎ᠠ ᠶᠢᠨ ᠰᠢᠷᠡᠭᠡ ᠲᠣᠬᠢᠷᠠᠭᠤᠯᠵᠤ᠂ ᠤᠬᠠᠭᠤᠯᠭ᠎ᠠ ᠶᠢᠨ ᠭᠠᠷ ᠳᠡᠪᠲᠡᠷ ᠪᠠ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠦᠷᠭᠦᠯᠵᠢ ᠲᠣᠬᠢᠶᠠᠯᠳᠤᠳᠠᠭ ᠮᠡᠬᠡᠯᠡᠯ ᠤᠨ ᠠᠷᠭ᠎ᠠ ᠪᠠᠷᠢᠯ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠦᠭᠡᠮᠡᠯᠵᠢᠭᠦᠯᠬᠦ ᠶᠢᠨ ᠬᠠᠮᠲᠤ ᠬᠤᠯᠪᠣᠭᠳᠠᠯ ᠪᠥᠬᠦᠶ ᠢᠯᠡᠴᠢᠯᠡᠨ ᠮᠡᠳᠡᠭᠦᠯᠬᠦ ᠠᠷᠭ᠎ᠠ ᠵᠠᠮ ᠪᠠ ᠲᠤᠰᠠᠯᠠᠮᠵᠢ ᠭᠤᠶᠤᠴᠢᠯᠠᠬᠤ ᠠᠷᠭ᠎ᠠ ᠮᠠᠶ᠋ᠢᠭ ᠢ ᠬᠠᠩᠭᠠᠪᠠ᠃ ᠡᠭᠦᠨ ᠤ ᠵᠡᠷᠭᠡ ᠳᠤ ᠣᠯᠠᠨ ᠲᠦᠮᠡᠨ ᠳᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠣᠨᠴᠠᠯᠢᠭ᠂ ᠪᠠᠶᠢᠩᠭᠤ ᠲᠣᠬᠢᠶᠠᠯᠳᠤᠳᠠᠭ ᠬᠡᠷᠡᠭ ᠦᠢᠯᠡᠳᠬᠦ ᠠᠷᠭ᠎ᠠ ᠪᠠᠷᠢᠯ᠂ ᠵᠤᠷᠰᠢᠭᠰᠠᠨ ᠠᠷᠭ᠎ᠠ ᠪᠠᠰᠢᠷ ᠵᠡᠷᠭᠡ ᠶᠢ ᠨᠠᠷᠢᠨ ᠲᠠᠶᠢᠯᠪᠤᠷᠢᠯᠠᠵᠤ᠂ ᠢᠷᠡᠯᠲᠡ ᠨᠢ ᠲᠣᠳᠣᠷᠬᠠᠶ ᠥᠬᠡᠶ ᠳ᠋ᠢᠶᠠᠩᠬᠤᠸᠠ᠂ ᠮᠡᠳᠡᠭᠡ ᠵᠠᠩᠭᠢ ᠶᠢ ᠠᠮᠠᠷᠬᠠᠨ ᠢᠲᠡᠭᠡᠵᠦ ᠪᠣᠯᠬᠤ ᠥᠬᠡᠶ᠂ ᠲᠠᠨᠢᠯ ᠪᠤᠰᠤ ᠬᠥᠮᠦᠨ ᠳᠤ ᠵᠣᠭᠤᠰ ᠭᠤᠪᠢᠭᠤᠯᠬᠤ᠂ ᠲᠠᠩᠰᠠ ᠰᠢᠯᠵᠢᠭᠦᠯᠬᠦ ᠥᠬᠡᠶ ᠪᠠᠶᠢᠵᠤ᠂ ᠢᠯᠠᠩᠭᠤᠶ᠎ᠠ ᠨᠠᠰᠤᠲᠠᠶᠢᠴᠤᠳ ᠴᠠᠭ ᠲᠤᠬᠠᠶ ᠳᠤᠨᠢ ᠬᠡᠷ ᠤᠨ ᠬᠥᠮᠦᠰ ᠲᠠᠢ ᠪᠠᠨ ᠬᠠᠷᠢᠯᠴᠠᠵᠤ᠂ ᠮᠡᠬᠡᠯᠡᠭᠳᠡᠬᠦ ᠠᠴᠠ ᠰᠡᠷᠭᠡᠶᠢᠯᠡᠬᠦ ᠬᠡᠷᠡᠭᠲᠡᠶ᠂ ᠵᠠᠯᠠᠭᠤᠴᠤᠳ ᠰᠦᠯᠵᠢᠶᠡᠨ ᠤ ᠲᠠᠩᠰᠠ ᠪᠤᠳᠤᠬᠤ᠂ ᠰᠦᠯᠵᠢᠶᠡᠨ ᠤ ᠪᠠᠯᠠ ᠣᠷᠣᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠶᠢ ᠠᠮᠠᠷᠬᠠᠨ ᠢᠲᠡᠭᠡᠵᠦ ᠪᠣᠯᠬᠤ ᠥᠬᠡᠶ ᠭᠡᠵᠦ ᠣᠯᠠᠨ ᠲᠦᠮᠡᠨ ᠳᠤ ᠰᠠᠨᠠᠭᠤᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ ᠠᠵᠢᠯᠲᠠᠳ ᠲᠤᠬᠠᠶ ᠶᠢᠨ ᠲᠠᠯᠠᠪᠤᠷ ᠲᠤ ᠰᠠᠭᠤᠭᠠᠯᠢ ᠠᠷᠠᠳ ᠢ ᠵᠢᠯᠣᠭᠤᠳᠤᠨ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠤᠨ ᠭᠠᠷ ᠤᠲᠠᠰᠤᠨ ᠤ ᠵᠥᠭᠡᠯᠡᠨ ᠲᠣᠨᠤᠭ ᠢ ᠪᠠᠭᠤᠯᠭᠠᠵᠤ᠂ ᠥᠪᠡᠷ ᠤᠨ ︽ᠵᠣᠭᠤᠰᠣᠨ ᠤᠭᠤᠲᠠ︾ ᠪᠠᠨ ᠬᠠᠮᠠᠭᠠᠯᠠᠬᠤ ᠶᠢ ᠴᠢᠩᠭᠠᠳᠬᠠᠪᠠ᠃
     ᠡᠭᠦᠨ ᠤ ᠵᠡᠷᠭᠡ ᠳᠤ᠂ ᠠᠵᠢᠯᠲᠠᠨ ᠥᠷᠭᠡᠨ ᠣᠯᠠᠨ ᠬᠤᠳᠠᠯᠳᠤᠭᠠᠴᠢᠨ ᠳᠤ ᠣᠨᠴᠠᠭᠠᠶᠢᠯᠠᠨ ᠰᠠᠨᠠᠭᠤᠯᠤᠭᠰᠠᠨ ᠨᠢ᠂ ᠡᠵᠡᠩᠨᠡᠯᠲᠡ ᠶᠢᠨ ᠶᠠᠪᠤᠴᠠ ᠳᠤ ᠪᠠᠯᠠ ᠮᠥᠩᠭᠦᠨ ᠤ ᠡᠷᠭᠢᠯᠲᠡ ᠣᠯᠠᠰᠢᠷᠠᠵᠤ᠂ ᠬᠠᠷᠢᠯᠴᠠᠬᠤ ᠬᠥᠮᠦᠰ ᠥᠷᠭᠡᠨ ᠳᠡᠯᠭᠡᠷ ᠪᠠᠶᠢᠳᠠᠭ ᠪᠣᠯᠬᠤᠷ ᠬᠤᠪᠢ ᠬᠥᠮᠦᠨ ᠤ ᠮᠡᠳᠡᠭᠡ ᠵᠠᠩᠭᠢ ᠪᠠᠨ ᠬᠠᠮᠠᠭᠠᠯᠠᠬᠤ ᠶᠢ ᠴᠢᠬᠤᠯᠠᠴᠢᠯᠠᠨ᠂ ᠠᠶᠤᠯ ᠲᠦᠭᠰᠢᠭᠦᠷᠢ ᠶᠢᠨ ᠡᠬᠢ ᠰᠤᠷᠪᠤᠯᠵᠢ ᠶᠢ ᠳᠣᠷᠣᠭᠰᠢᠯᠠᠭᠤᠯᠵᠤ᠂ ᠳᠠᠩᠰᠠᠯᠠᠭᠤᠯᠬᠤ᠂ ᠲᠡᠮᠳᠡᠭᠯᠡᠬᠦ ᠵᠡᠷᠭᠡ ᠠᠵᠢᠯ ᠢ ᠭᠦᠢᠴᠡᠳᠭᠡᠬᠦ ᠶᠠᠪᠤᠴᠠ ᠳᠤ᠂ ᠲᠠᠨᠢᠯ ᠪᠤᠰᠤ ᠬᠥᠮᠦᠨ ᠤ ᠣᠷᠣᠯᠠᠨ ᠭᠦᠢᠴᠡᠳᠭᠡᠬᠦ᠂ ᠲᠣᠭᠲᠠᠭᠠᠯ ᠠᠴᠠ ᠵᠥᠷᠢᠴᠡᠨ ᠭᠦᠢᠴᠡᠳᠭᠡᠬᠦ ᠶᠢ ᠠᠮᠠᠷᠬᠠᠨ ᠢᠲᠡᠭᠡᠵᠦ ᠪᠣᠯᠬᠤ ᠥᠬᠡᠶ᠃
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠯᠪᠣᠭᠳᠠᠯ ᠪᠥᠬᠦᠶ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠳᠠᠯᠳᠤᠭᠠᠨ ᠤ ᠡᠷᠦᠬᠡ ᠳᠤ ᠰᠦᠯᠵᠢᠶᠡᠨ ᠤ ᠮᠡᠬᠡᠯᠡᠯ ᠢ ᠡᠰᠡᠷᠭᠦᠴᠡᠬᠦ ᠮᠡᠳᠡᠯᠭᠡ ᠶᠢ ᠰᠤᠷᠤᠯᠴᠠᠬᠤ ᠶᠢ ᠴᠢᠬᠤᠯᠠᠴᠢᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠣᠯᠠᠨ ᠨᠡᠶᠢᠲᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠰᠠᠨᠠᠭᠤᠯᠤᠨ᠎ᠠ᠃             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号