ᠦᠰᠦᠭ ᠪᠢᠴᠢᠭ ᠤᠨ ᠲᠠᠶᠢᠯᠤᠮᠵᠢ᠄ ︽2023 ᠣᠨ ᠤ ᠨᠢᠭᠲᠠᠯᠠᠨ ᠪᠤᠳᠤᠬᠤ ᠮᠡᠳᠡᠭᠡ ᠵᠠᠩᠭᠢ ᠶᠢᠨ ᠶᠠᠰᠤ ᠴᠢᠨᠠᠷ ᠢ ᠪᠠᠶᠢᠴᠠᠭᠠᠭᠰᠠᠨ ᠤ ᠳᠠᠷᠠᠭᠠᠬᠢ ᠢᠦᠶ ᠴᠢᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠠᠯᠪᠠᠨ ᠵᠠᠷ︾
ᠨᠡᠶᠢᠲᠡᠯᠡᠭᠰᠡᠨ ᠴᠠᠭ᠄
2023/9/1
     ᠨᠢᠭᠡ᠂ ᠨᠡᠶᠢᠲᠡᠯᠡᠭᠰᠡᠨ ᠠᠬᠤᠢ ᠪᠠᠶᠢᠳᠠᠯ            ︽ᠡᠳ᠋ ᠤᠨ ᠶᠠᠪᠤᠳᠠᠯ ᠨᠢᠭᠲᠠᠯᠠᠨ ᠪᠤᠳᠤᠬᠤ ᠠᠵᠢᠯ ᠳᠤ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ  ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠂ ︽ᠣᠷᠣᠨ ᠨᠤᠲᠤᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ 2023 ᠣᠨ ᠤ ᠨᠢᠭᠲᠠᠯᠠᠨ ᠪᠤᠳᠤᠬᠤ ᠪᠠ ᠦᠨᠡᠯᠡᠨ ᠵᠢᠱᠢᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠤᠨ ᠵᠠᠰᠠᠭ ᠤᠨ ᠬᠢᠨᠠᠯᠲᠠ ﹇2023﹈ 5 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ︽2023 ᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠢᠭᠲᠠᠯᠠᠨ ᠪᠤᠳᠤᠬᠤ ᠮᠡᠳᠡᠭᠡ ᠵᠠᠩᠭᠢ ᠶᠢᠨ ᠶᠠᠰᠤ ᠴᠢᠨᠠᠷ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵ᠬᠥᠬᠡᠬᠤᠲᠠ ᠶᠢᠨ ᠡᠳ᠋ ᠤᠨ ᠵᠠᠰᠠᠭ ᠨᠢᠭᠲᠠᠯᠠᠨ ᠪᠤᠳᠤᠬᠤ ﹇2023﹈ 9 ᠳ᠋ᠤᠭᠡᠷ ᠲᠣᠭᠠᠲᠤ︶ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠪᠡᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠤᠳᠤᠭᠴᠢ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠢᠦᠶ ᠴᠢᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ 2023 ᠣᠨ ᠤ 7 ᠰᠠᠷ᠎ᠠ ᠠᠴᠠ 9 ᠰᠠᠷ᠎ᠠ ᠪᠣᠯᠲᠠᠯ᠎ᠠ ᠢᠦᠶ ᠴᠢᠤᠸᠠᠨ ᠲᠣᠭᠤᠷᠢᠭ ᠤᠨ 5 ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ᠂ 1 ᠠᠵᠤ ᠠᠬᠤᠶᠢᠯᠠᠯ ᠳᠤ ᠨᠢᠭᠲᠠᠯᠠᠨ ᠪᠤᠳᠤᠬᠤ ᠮᠡᠳᠡᠭᠡ ᠵᠠᠩᠭᠢ ᠶᠢᠨ ᠶᠠᠰᠤ ᠴᠢᠨᠠᠷ ᠤᠨ ᠪᠠᠶᠢᠴᠠᠭᠠᠯᠲᠠ ᠬᠢᠨ᠎ᠡ᠂ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ 2023 ᠣᠨ ᠤ ᠢᠦᠶ ᠴᠢᠤᠸᠠᠨ ᠲᠣᠭᠤᠷᠢᠭ ᠤᠨ ᠨᠢᠭᠲᠠᠯᠠᠨ ᠪᠤᠳᠤᠬᠤ ᠮᠡᠳᠡᠭᠡ ᠵᠠᠩᠭᠢ ᠶᠢᠨ ᠶᠠᠰᠤ ᠴᠢᠨᠠᠷ ᠤᠨ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄      ᠬᠤᠶᠠᠷ᠂ ᠶᠡᠷᠦᠩᠬᠡᠢ ᠪᠠᠶᠢᠳᠠᠯ ᠢ ᠪᠠᠶᠢᠴᠠᠭᠠᠬᠤ      2023 ᠣᠨ ᠤ ᠨᠢᠭᠲᠠᠯᠠᠨ ᠪᠤᠳᠤᠬᠤ ᠮᠡᠳᠡᠭᠡ ᠵᠠᠩᠭᠢ ᠶᠢᠨ ᠶᠠᠰᠤ ᠴᠢᠨᠠᠷ ᠤᠨ ᠪᠠᠶᠢᠴᠠᠭᠠᠯᠲᠠ ᠳᠤ ᠢᠦᠶ ᠴᠢᠤᠸᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠥᠬᠡᠬᠤᠲᠠ ᠶᠢᠨ ᠬᠤᠷᠢᠨ ᠵᠢᠷᠭᠤᠳᠤᠭᠠᠷ ᠳᠤᠮᠳᠠᠳᠤ ᠰᠤᠷᠭᠠᠭᠤᠯᠢ᠂ ᠢᠦᠶ ᠴᠢᠤᠸᠠᠨ ᠲᠣᠭᠤᠷᠢᠭ ᠤᠨ ᠯᠢᠶᠠᠩ ᠱᠠᠨ ᠵᠡᠭᠡᠯᠢ ᠶᠢᠨ ᠪᠠᠭ᠎ᠠ ᠰᠤᠷᠭᠠᠭᠤᠯᠢ᠂ ᠢᠦᠶ ᠴᠢᠤᠸᠠᠨ ᠲᠣᠭᠤᠷᠢᠭ ᠤᠨ ᠳᠣᠯᠣᠳᠤᠭᠠᠷ ᠬᠡᠤᠬᠡᠳ ᠤᠨ ᠴᠡᠴᠡᠷᠯᠢᠭ᠂ ᠬᠥᠬᠡᠬᠤᠲᠠ ᠶᠢᠨ ᠶᠢᠦ ᠴᠤᠸᠠᠩ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠷ ᠪᠠᠶᠢᠴᠠᠭᠠᠭᠳᠠᠬᠤ ᠡᠲᠡᠭᠡᠳ ᠢᠶᠠᠨ ᠪᠣᠯᠭᠠᠬᠤ ᠪᠠᠷ ᠲᠣᠭᠲᠠᠭᠠᠪᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠨᠢᠭᠲᠠᠯᠠᠨ ᠪᠤᠳᠤᠬᠤ ᠮᠡᠳᠡᠭᠡ ᠵᠠᠩᠭᠢ ᠶᠢᠨ ᠶᠠᠰᠤ ᠴᠢᠨᠠᠷ ᠤᠨ ᠪᠠᠶᠢᠴᠠᠭᠠᠯᠲᠠ ᠳᠤ ᠵᠠᠰᠠᠭ ᠤᠨ ᠣᠷᠳᠣᠨ ᠤ ᠨᠢᠭᠲᠠᠯᠠᠨ ᠪᠤᠳᠤᠬᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠢ ᠭᠤᠣᠯᠳᠠᠯᠭ᠎ᠠ ᠲᠠᠢ ᠪᠠᠷ ᠠᠩᠬᠠᠷᠴᠤ᠂ ᠳᠣᠲᠣᠭᠠᠳᠤ ᠡᠵᠡᠮᠳᠡᠯ ᠤᠨ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠵᠢᠴᠢ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠤᠳᠠᠯ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠬᠠᠮᠢᠶ᠎ᠠ ᠪᠥᠬᠦᠶ ᠠᠰᠠᠭᠤᠳᠠᠯ ᠢ ᠪᠠᠶᠢᠴᠠᠭᠠᠪᠠ᠃ ᠠᠵᠤ ᠠᠬᠤᠶᠢᠯᠠᠯ ᠤᠨ ᠨᠢᠭᠲᠠᠯᠠᠨ ᠪᠤᠳᠤᠬᠤ ᠮᠡᠳᠡᠭᠡ ᠵᠠᠩᠭᠢ ᠶᠢᠨ ᠶᠠᠰᠤ ᠴᠢᠨᠠᠷ ᠤᠨ ᠪᠠᠶᠢᠴᠠᠭᠠᠯᠲᠠ ᠳᠤ ᠠᠵᠤ ᠠᠬᠤᠶᠢᠯᠠᠯ ᠤᠨ ᠨᠢᠭᠲᠠᠯᠠᠨ ᠪᠤᠳᠤᠬᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠪᠠᠷ ᠠᠩᠬᠠᠷᠴᠤ᠂ ᠨᠢᠭᠲᠠᠯᠠᠨ ᠪᠤᠳᠤᠬᠤ ᠬᠡᠷᠡᠴᠢ ᠪᠠᠷᠢᠮᠲᠠ ᠶᠢ ᠬᠠᠭᠤᠷᠮᠠᠭᠯᠠᠨ ᠵᠣᠬᠢᠶᠠᠬᠤ᠂ ᠠᠵᠤ ᠠᠬᠤᠶ ᠶᠢᠨ ᠲᠤᠬᠠᠶᠢᠯᠠᠭᠰᠠᠨ ᠠᠵᠢᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠨᠢᠭᠲᠠᠯᠠᠨ ᠪᠤᠳᠤᠬᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠵᠡᠷᠭᠡ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠶ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ᠭᠤᠷᠪᠠ᠂ ᠪᠠᠶᠢᠴᠠᠭᠠᠵᠤ ᠢᠯᠡᠷᠡᠭᠦᠯᠦᠭᠰᠡᠨ ᠭᠤᠣᠯ ᠠᠰᠠᠭᠤᠳᠠᠯ      1.ᠨᠢᠭᠲᠠᠯᠠᠨ ᠪᠤᠳᠤᠬᠤ ᠰᠠᠭᠤᠷᠢ ᠠᠵᠢᠯ ᠪᠠᠭᠤᠷᠠᠶ ᠪᠠᠶᠢᠬᠤ᠄ ᠨᠢᠭᠲᠠᠯᠠᠨ ᠪᠤᠳᠤᠬᠤ ᠳᠠᠩᠰᠠ ᠲᠡᠮᠳᠡᠭᠯᠡᠬᠦ ᠬᠡᠷᠡᠴᠢ ᠪᠠᠷᠢᠮᠲᠠ ᠶᠢ ᠲᠠᠭᠯᠠᠨ ᠪᠢᠴᠢᠬᠦ ᠨᠢ ᠵᠢᠷᠤᠮᠵᠢᠯ ᠦᠭᠡᠢ᠂ ᠵᠠᠷᠤᠳᠠᠯ ᠢ ᠥᠭᠭᠦᠭᠰᠡᠨ ᠤ ᠳᠠᠷᠠᠭ᠎ᠠ ᠳᠠᠭᠠᠯᠳᠤᠭᠤᠯᠤᠭᠰᠠᠨ ᠭᠡᠷ᠎ᠡ ᠶᠢ ᠪᠦᠷᠢᠨ ᠲᠠᠭᠯᠠᠭᠰᠠᠨ ᠦᠭᠡᠢ᠃      2. ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠰᠤᠯᠠ ᠪᠠᠶᠢᠬᠤ᠄ ᠲᠣᠭᠲᠠᠮᠠᠯ ᠬᠥᠷᠥᠩᠭᠡ ᠶᠢ ᠨᠢᠭᠡᠴᠡ ᠶᠢᠨ ᠲᠣᠭᠲᠠᠮᠠᠯ ᠬᠥᠷᠥᠩᠭᠡ ᠶᠢᠨ ᠲᠠᠩᠰᠠ ᠬᠢᠭᠡᠳ ᠲᠣᠭᠲᠠᠮᠠᠯ ᠬᠥᠷᠥᠩᠭᠡ ᠶᠢᠨ ᠨᠠᠷᠢᠨ ᠲᠠᠩᠰᠠ ᠳᠤ ᠣᠷᠣᠭᠤᠯᠤᠭᠠᠳᠤᠶ ᠪᠠᠶᠢᠬᠤ᠃      3.ᠳᠣᠲᠣᠭᠠᠳᠤ ᠡᠵᠡᠮᠳᠡᠯ ᠤᠨ ᠲᠦᠷᠢᠮ ᠲᠡᠭᠦᠯᠳᠡᠷ ᠪᠤᠰᠤ᠄ ᠨᠢᠭᠡ ᠳᠤ ᠨᠢᠭᠡᠴᠡ ᠨᠢ ᠳᠣᠲᠣᠭᠠᠳᠤ ᠡᠵᠡᠮᠳᠡᠯ ᠤᠨ ᠲᠦᠷᠢᠮ ᠢ ᠪᠠᠶᠢᠭᠤᠯᠬᠤ ᠶᠢ ᠴᠢᠬᠤᠯᠠᠴᠢᠯᠠᠬᠤ ᠪᠠᠷ ᠬᠦᠷᠦᠯᠴᠡᠬᠦ ᠦᠭᠡᠢ ᠪᠠᠶᠢᠵᠤ᠂ ᠳᠣᠲᠣᠭᠠᠳᠤ ᠡᠵᠡᠮᠳᠡᠯ ᠤᠨ ᠲᠦᠷᠢᠮ ᠤᠨ ᠠᠭᠤᠯᠭ᠎ᠠ ᠨᠢ ᠵᠦᠢ ᠶᠣᠰᠣᠴᠢ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠳᠤᠲᠠᠮᠠᠭ ᠪᠠᠶᠢᠨ᠎ᠠ︔ ᠬᠤᠶᠠᠷ ᠲᠤ ᠬᠠᠮᠢᠶᠠᠷᠤᠯᠲᠠ ᠶᠢᠨ ᠲᠦᠷᠢᠮ ᠲᠡᠭᠦᠯᠳᠡᠷᠵᠢᠭᠡᠳᠦᠶ ᠪᠠᠶᠢᠨ᠎ᠠ᠃      4.︽ᠠᠵᠤ ᠠᠬᠤᠶᠢᠯᠠᠯ ᠤᠨ ᠨᠢᠭᠲᠠᠯᠠᠨ ᠪᠤᠳᠤᠬᠤ ᠪᠠᠷᠢᠮᠵᠢᠶ᠎ᠠ︾ ᠶᠢ ᠪᠣᠳᠠᠲᠠᠶ ᠪᠠᠷ ᠬᠡᠷᠡᠭᠵᠢᠭᠦᠯᠦᠭᠰᠡᠨ ᠦᠭᠡᠢ᠄ ᠠᠵᠤ ᠠᠬᠤᠶᠢᠯᠠᠯ ᠤᠨ ᠨᠢᠭᠲᠠᠯᠠᠨ ᠪᠤᠳᠤᠬᠤ ᠬᠠᠮᠤᠭ ᠤᠨ ᠰᠢᠨ᠎ᠡ ᠪᠠᠷᠢᠮᠵᠢᠶ᠎ᠠ ᠪᠠᠷ ᠰᠤᠳᠤᠯᠬᠤ ᠵᠦᠢᠯ ᠤᠨ ᠲᠤᠭᠢᠷᠡᠭᠤᠯᠤᠯᠳᠡ ᠬᠢᠭᠰᠡᠨ ᠦᠭᠡᠢ᠃      ᠳᠦᠷᠪᠡ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ      ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠢᠦᠶ ᠴᠢᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠠᠶᠢᠴᠠᠭᠠᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠤᠳᠤᠬᠤ ᠬᠠᠤᠯᠢ︾᠂ ︽ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠡᠵᠡᠮᠳᠡᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ︵ᠡᠳ᠋ ᠤᠨ ᠶᠠᠪᠤᠳᠠᠯ ᠨᠢᠭᠲᠠᠯᠠᠨ ᠪᠤᠳᠤᠬᠤ ﹇2012﹈ 21 ᠳ᠋ᠤᠭᠡᠷ ᠲᠣᠭᠠᠲᠤ︶᠂ ︽ᠠᠵᠤ ᠠᠬᠤᠶᠢᠯᠠᠯ ᠤᠨ ᠨᠢᠭᠲᠠᠯᠠᠨ ᠪᠤᠳᠤᠬᠤ ᠪᠠᠷᠢᠮᠵᠢᠶ᠎ᠠ︾᠂ ︽ᠠᠵᠤ ᠠᠬᠤᠶᠢᠯᠠᠯ ᠤᠨ ᠳᠣᠲᠣᠭᠠᠳᠤ ᠡᠵᠡᠮᠳᠡᠯ ᠤᠨ ᠦᠨᠳᠦᠰᠦᠨ ᠵᠢᠷᠤᠮᠵᠢᠯ︾ ᠢ ᠦᠨᠳᠦᠰᠦᠯᠡᠪᠡᠯ᠂ ᠠᠯᠪᠠᠨ ᠪᠢᠴᠢᠭ ᠤᠨ ᠬᠡᠯᠪᠡᠷᠢ ᠪᠠᠷ ᠡᠯ᠎ᠡ ᠪᠠᠶᠢᠴᠠᠭᠠᠭᠳᠠᠵᠤ ᠪᠠᠶᠢᠭ᠎ᠠ ᠨᠢᠭᠡᠴᠡ ᠳᠤ ᠲᠣᠰ ᠲᠣᠰ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠤ᠂ ᠪᠠᠶᠢᠴᠠᠭᠠᠭᠳᠠᠵᠤ ᠪᠠᠶᠢᠭ᠎ᠠ ᠨᠢᠭᠡᠴᠡ ᠶᠢ ᠵᠠᠷᠯᠢᠭᠳᠠᠵᠤ ᠪᠠᠶᠢᠭᠠᠳ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠴᠡᠭᠴᠡᠯᠡᠨ ᠰᠠᠶᠢᠵᠢᠷᠠᠭᠤᠯᠵᠤ᠂ ᠨᠢᠭᠡᠴᠡ ᠶᠢᠨ ᠳᠣᠲᠣᠭᠠᠳᠤ ᠡᠵᠡᠮᠳᠡᠯ ᠤᠨ ᠲᠦᠷᠢᠮ ᠢ ᠲᠡᠭᠦᠯᠳᠡᠷᠵᠢᠭᠦᠯᠦᠨ᠂ ᠨᠢᠭᠲᠠᠯᠠᠨ ᠪᠤᠳᠤᠬᠤ ᠮᠡᠳᠡᠭᠡ ᠵᠠᠩᠭᠢ ᠶᠢᠨ ᠶᠠᠰᠤ ᠴᠢᠨᠠᠷ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号