ᠢᠦᠶ ᠴᠢᠤᠸᠠᠨ ᠲᠣᠭᠤᠷᠢᠭ᠄ ︽ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ︾ ᠪᠠᠷ ︽ᠠᠷᠠᠳ ᠤᠨ ᠰᠡᠳᠬᠢᠯ︾ ᠢ ᠰᠠᠬᠢᠨ ᠬᠠᠮᠠᠭᠠᠯᠠᠭᠤᠯᠤᠨ᠎ᠠ
ᠨᠡᠶᠢᠲᠡᠯᠡᠭᠰᠡᠨ ᠴᠠᠭ᠄
2023/9/11
     ᠡᠨᠡ ᠵᠢᠯ ᠤᠨ 7 ᠰᠠᠷ᠎ᠠ ᠳᠤ᠂ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠦᠢᠯᠡᠴᠢᠯᠡᠭᠡᠨ ᠤ ᠥᠷᠲᠡᠭᠡ ᠵᠠᠬᠢᠳᠠᠯ ᠰᠤᠷᠪᠤᠯᠵᠢᠯᠠᠭ᠎ᠠ ᠬᠢᠭᠴᠢ ᠵᠠᠩ ᠠᠪᠤᠭᠠᠢ ᠶᠢᠨ ᠲᠤᠰᠬᠠᠭᠰᠠᠨ ᠢᠶᠠᠷ᠂ 2022 ᠣᠨ ᠤ 10 ᠰᠠᠷ᠎ᠠ ᠶᠢᠨ 2 ᠤᠨ ᠡᠳᠦᠷ ᠠᠴᠠ 2022 ᠣᠨ ᠤ 12 ᠰᠠᠷ᠎ᠠ ᠶᠢᠨ 8 ᠤ ᠡᠳᠦᠷ ᠪᠣᠯᠲᠠᠯ᠎ᠠ᠂ ᠵᠠᠩ ᠠᠪᠤᠭᠠᠢ ᠳ᠋ᠧ ᠫᠦ᠋ ᠨᠦᠸᠧ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠢᠵᠦ᠂ ᠲᠣᠰ ᠺᠣᠮᠫᠠᠨᠢ ᠣᠲᠣ ᠪᠣᠯᠲᠠᠯ᠎ᠠ ᠬᠡᠰᠡᠭ ᠴᠠᠯᠢᠩ ᠢᠶᠠᠨ ᠥᠷᠢᠲᠦᠭᠰᠡᠭᠡᠷ ᠪᠠᠶᠢᠨ᠎ᠠ᠃ ᠪᠠᠶᠢᠳᠠᠯ ᠢ ᠮᠡᠳᠡᠭᠰᠡᠨ ᠤ ᠳᠠᠷᠠᠭ᠎ᠠ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠲᠡᠷᠡ ᠳᠠᠷᠤᠶ ᠳᠤᠨᠢ ᠲᠤᠰ ᠺᠣᠮᠫᠠᠨᠢ ᠶᠢᠨ ᠬᠠᠷᠢᠭᠤᠴᠠᠯᠭᠠᠲᠠᠨ ᠲᠠᠢ ᠬᠠᠷᠢᠯᠴᠠᠵᠤ᠂ ᠳᠡᠭᠡᠭᠰᠢ ᠵᠡᠭᠡᠯᠢ ᠭᠤᠳᠤᠮᠵᠢ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠳᠤ ᠮᠡᠳᠡᠭᠦᠯᠦᠭᠰᠡᠨ ᠤ ᠳᠠᠷᠠᠭ᠎ᠠ ᠲᠡᠭᠦᠨ ᠲᠠᠢ ᠠᠭᠤᠯᠵᠠᠵᠤ ᠵᠦᠪᠳᠡᠯᠴᠡᠪᠡ᠃
     ᠤᠯᠠᠨ ᠤᠳᠠᠭ᠎ᠠ ᠵᠥᠪᠳᠡᠯᠴᠡᠨ ᠶᠠᠷᠢᠯᠴᠠᠭᠰᠠᠨ ᠤ ᠳᠠᠷᠠᠭ᠎ᠠ ᠵᠠᠩ ᠠᠪᠤᠭᠠᠢ ᠴᠠᠯᠢᠩ ᠢᠶᠠᠨ ᠠᠮᠵᠢᠯᠲᠠ ᠲᠠᠢ ᠪᠠᠷ ᠣᠯᠤᠭᠰᠠᠨ ᠪᠠᠶᠢᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠵᠠᠩ ᠠᠪᠤᠭᠠᠢ ᠳᠤ᠄ ᠬᠠᠮᠤᠭ ᠤᠨ ᠬᠦᠴᠢᠷ ᠪᠡᠷᠬᠡᠰᠢᠶᠡᠯ ᠲᠠᠢ ᠦᠶ᠎ᠡ ᠳᠤ ᠴᠢ ᠮᠠᠨ ᠤ ︽ᠶᠡᠭᠡ ᠭᠡᠷ ᠣᠷᠣᠨ︾ ᠢ ᠬᠠᠮᠠᠭᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠴᠢᠨᠦ ︽ᠪᠠᠭ᠎ᠠ ᠭᠡᠷ ᠣᠷᠣᠨ︾ ᠢ ᠬᠠᠮᠠᠭᠠᠯᠠᠪᠠ ᠭᠡᠵᠡᠢ᠃      ᠲᠠᠷᠠᠭᠠᠴᠢ ᠶᠢᠨ ᠠᠯᠬᠤᠮ ᠳᠤ᠂ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠦᠢᠯᠡᠴᠢᠯᠡᠭᠡᠨ ᠤ ᠥᠷᠲᠡᠭᠡ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠠᠵᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ᠂ ︽ᠣᠯᠠᠨ ᠲᠦᠮᠡᠨ ᠢ ᠨᠢᠭᠡ ᠯᠡ ᠤᠳᠠᠭ᠎ᠠ  ᠭᠦᠶᠦᠯᠭᠡᠬᠦ︾ ᠶᠢ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠲᠥᠬᠦᠮ ᠦᠵᠡᠭᠦᠯᠬᠦ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠶᠢᠨ ᠴᠢᠬᠤᠯᠠ ᠬᠠᠷᠠᠯᠲᠠ ᠪᠣᠯᠭᠠᠨ᠎ᠠ᠃ ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠶᠢᠨ ᠬᠡᠷᠡᠭ ᠲᠤ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠵᠦ᠂ ︽ᠪᠠᠭ᠎ᠠ ᠶᠠᠪᠤᠳᠠᠯ ᠳᠤ ᠨᠡᠶᠢᠭᠡᠮ ᠲᠣᠭᠤᠷᠢᠭ ᠠᠴᠠ ᠭᠠᠷᠬᠤ ᠦᠭᠡᠢ᠂ ᠶᠡᠭᠡ ᠶᠠᠪᠤᠳᠠᠯ ᠳᠤ ᠵᠡᠭᠡᠯᠢ ᠭᠤᠳᠤᠮᠵᠢ ᠠᠴᠠ ᠭᠠᠷᠬᠤ ᠦᠭᠡᠢ︾ ᠪᠠᠶᠢᠬᠤ ᠶᠢ ᠪᠡᠶᠡᠯᠡᠭᠦᠯᠦᠨ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠶᠠᠪᠤᠴᠠ ᠳᠤ ᠲᠠᠬᠢᠨ ᠳᠠᠪᠲᠠᠨ ᠰᠤᠷᠪᠤᠯᠵᠢᠯᠠᠬᠤ᠂ ᠲᠤᠭᠤᠷᠢᠭᠤ ᠵᠠᠮ ᠢᠶᠠᠷ ᠶᠠᠪᠤᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠶᠢᠨ ︽ᠠᠷᠠᠳ ᠲᠦᠮᠡᠨ ᠤ ᠲᠦᠯᠦᠭᠡ ᠭᠦᠶᠦᠬᠦ᠂ ᠠᠷᠠᠳ ᠲᠦᠮᠡᠨ ᠤ ᠵᠣᠪᠠᠨᠢᠯ ᠢ ᠠᠷᠢᠯᠭᠠᠬᠤ᠂ ᠠᠷᠠᠳ ᠲᠦᠮᠡᠨ ᠤ ᠰᠡᠳᠬᠢᠯ ᠢ ᠤᠯᠬᠤ︾ ᠴᠢᠬᠤᠯᠠ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号