ᠢᠦᠶ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠢᠬᠤᠯᠠ ᠵᠠᠷᠯᠠᠯ
ᠨᠡᠶᠢᠲᠡᠯᠡᠭᠰᠡᠨ ᠴᠠᠭ᠄
2023/9/12
ᠪᠦᠬᠦ ᠬᠤᠳᠠ ᠶᠢᠨ ᠥᠷᠭᠡᠨ ᠤᠯᠠᠨ ᠨᠠᠶᠢᠵᠠ ᠨᠠᠷ ᠠ᠄      ᠣᠳᠣᠬᠠᠨ ᠳᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠦᠷᠭᠦᠯᠵᠢᠯᠡᠨ ᠣᠯᠠᠰᠢᠷᠠᠵᠤ᠂ ᠵᠠᠯᠭᠠᠭ᠎ᠠ ᠵᠠᠯᠭᠠᠭ᠎ᠠ ᠪᠠᠷ ᠭᠠᠷᠴᠤ᠂ ᠮᠡᠬᠡᠯᠡᠭᠳᠡᠭᠰᠡᠨ ᠤᠯᠠᠨ ᠲᠦᠮᠡᠨ ᠬᠦᠨᠳᠦ ᠨᠣᠴᠢᠲᠠᠢ ᠬᠤᠬᠢᠷᠠᠯ ᠳᠤ ᠤᠴᠠᠷᠠᠪᠠ᠃ ᠶᠠᠯᠠᠲᠤ ᠡᠲᠡᠭᠡᠳ ᠣᠬᠤᠷ ᠮᠡᠳᠡᠭᠡ᠂ ᠳ᠋ᠢᠶᠠᠩᠬᠤᠸᠠ᠂ ᠰᠦᠯᠵᠢᠶ᠎ᠡ ᠵᠡᠷᠭᠡ ᠠᠷᠭ᠎ᠠ ᠵᠠᠮ ᠢᠶᠠᠷ ᠴᠠᠬᠢᠯᠭᠠᠨ ᠬᠤᠯᠪᠤᠭᠠᠨ ᠤ ᠮᠡᠬᠡᠯᠡᠯ ᠤᠨ ᠶᠠᠯᠠᠲᠤ ᠠᠵᠢᠯᠯᠠᠭ᠎ᠠ ᠬᠢᠬᠦ ᠳᠡᠭᠡᠨ ᠴᠥᠮ ᠮᠠᠨ ᠤ ᠭᠠᠷ ᠤᠲᠠᠰᠤᠨ ᠤ ᠦᠵᠦᠭᠦᠷ ᠢᠶᠠᠷ ᠳᠠᠮᠵᠢᠳᠠᠭ᠃      ᠣᠯᠠᠨ ᠤ ᠮᠡᠳᠡᠭᠡᠵᠢ ᠪᠠᠷ᠂ ᠭᠠᠷ ᠤᠲᠠᠰᠤᠨ ᠳᠤ ᠸᠢᠷᠦ᠋ᠰ ᠠᠯᠠᠬᠤ ᠵᠥᠭᠡᠯᠡᠨ ᠲᠣᠨᠤᠭ ᠤᠭᠰᠠᠷᠠᠪᠠᠯ ᠡᠯ᠎ᠡ ᠲᠥᠷᠥᠯ ᠤᠨ ᠸᠢᠷᠦ᠋ᠰ ᠢ ᠪᠦᠲᠦᠮᠵᠢᠲᠡᠶ ᠬᠤᠷᠢᠭᠯᠠᠵᠤ ᠴᠢᠳᠠᠨ᠎ᠠ᠂ ᠬᠡᠷᠪᠡ ᠮᠠᠨ ᠤ ᠭᠠᠷ ᠤᠲᠠᠰᠤᠨ ᠳᠤ ︽ᠴᠠᠬᠢᠯᠭᠠᠨ ᠬᠤᠯᠪᠤᠭᠠᠨ ᠤ ᠮᠡᠬᠡᠯᠡᠯ ᠢ ᠡᠰᠡᠷᠭᠦᠴᠡᠬᠦ︾ ᠰᠡᠷᠭᠡᠶᠢᠯᠡᠯᠲᠡ ᠶᠢᠨ ᠬᠡᠷᠡᠮ ᠤᠭᠰᠠᠷᠠᠪᠠᠯ᠂ ᠡᠯ᠎ᠡ ᠲᠥᠷᠥᠯ ᠤᠨ ᠴᠠᠬᠢᠯᠭᠠᠨ ᠬᠤᠯᠪᠣᠭᠠᠨ ᠤ ᠮᠡᠬᠡᠯᠡᠯ ᠤᠨ ᠮᠡᠳᠡᠭᠡ ᠵᠠᠩᠭᠢ ᠶᠢ ᠢᠯᠭᠠᠨ ᠲᠠᠨᠢᠵᠤ ᠲᠡᠰᠦᠯᠵᠦ ᠴᠢᠳᠠᠬᠤ ᠮᠥᠷᠲᠡᠭᠡᠨ ᠪᠠᠰᠠ ᠬᠠᠮᠤᠭ ᠤᠨ ᠲᠡᠷᠢᠭᠦᠨ ᠳᠤ ᠤᠲᠠᠰᠤ ᠬᠤᠯᠪᠣᠨ ᠴᠠᠭᠳᠠᠭ᠎ᠠ ᠳᠤ ᠮᠡᠳᠡᠭᠦᠯᠵᠦ᠂ ᠡᠨᠡ ᠨᠢ ᠭᠠᠷ ᠤᠲᠠᠰᠤᠨ ᠳᠤ ︽ᠠᠯᠲᠠᠨ ᠴᠠᠭ ᠤᠨ ᠪᠦᠷᠬᠦᠭᠦᠯ︾ ᠡᠮᠦᠰᠬᠡᠬᠦ ᠲᠠᠢ ᠠᠳᠠᠯᠢ ᠶᠤᠮ᠃      ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠥᠯᠥᠭᠡ᠂ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠪᠠ ᠤᠯᠤᠰ ᠤᠨ ᠢᠨᠲ᠋ᠧᠷ ᠰᠦᠯᠵᠢᠶᠡᠨ ᠤ ᠪᠠᠴᠢᠮ ᠪᠠᠶᠢᠳᠠᠯ ᠢ ᠠᠷᠭᠠᠴᠠᠭᠠᠬᠤ ᠲᠥᠪ ᠬᠠᠮᠲᠤᠷᠠᠨ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP ᠶᠢ ᠨᠡᠭᠡᠭᠡᠨ ᠬᠥᠭᠵᠢᠭᠦᠯᠵᠦ᠂ ᠤᠯᠤᠰ ᠤᠨ ᠡᠷᠬᠡ ᠰᠦᠷ ᠢᠶᠠᠷ ᠮᠡᠬᠡᠯᠡᠯ ᠢ ᠡᠰᠡᠷᠭᠦᠴᠡᠬᠦ ᠠᠵᠢᠯ ᠢ ᠳᠥᠯᠭᠢᠨ ᠠᠬᠢᠭᠤᠯᠵᠤ᠂ ᠬᠤᠪᠢ ᠬᠥᠮᠦᠨ ᠤ ᠮᠡᠳᠡᠭᠡ ᠵᠠᠩᠭᠢ ᠶᠢᠨ ᠬᠠᠷᠢᠴᠠᠯᠠᠰᠢᠭᠦᠶ ᠠᠮᠤᠷ ᠲᠦᠪᠰᠢᠨ ᠢ ᠦᠨᠡᠨ ᠬᠦ ᠪᠠᠲᠤᠯᠠᠪᠠ᠃      ᠡᠨᠡ ᠬᠦ APP ᠨᠢ ᠳᠥᠷᠪᠡᠨ ᠶᠡᠭᠡ ᠭᠤᠤᠯᠯᠠᠬᠤ ᠴᠢᠳᠠᠮᠵᠢ ᠲᠠᠢ᠄ ᠨᠢᠭᠡ ᠳᠤ ᠮᠡᠬᠡᠯᠡᠯ ᠢ ᠤᠷᠢᠳᠴᠢᠯᠠᠨ ᠰᠡᠷᠡᠮᠵᠢᠯᠡᠭᠦᠯᠵᠦ᠂ ᠮᠡᠬᠡᠯᠡᠯ ᠤᠨ ᠤᠲᠠᠰᠤ᠂ ᠣᠬᠤᠷ ᠮᠡᠳᠡᠭᠡ᠂ APP ᠶᠢ ᠰᠡᠷᠡᠭᠳᠡᠯ ᠥᠬᠡᠶ ᠪᠠᠷ ᠲᠡᠰᠦᠯᠦᠨ᠎ᠡ︔ ᠬᠤᠶᠠᠷ ᠲᠤ ᠪᠢ ᠢᠯᠡᠴᠢᠯᠡᠨ ᠮᠡᠳᠡᠭᠦᠯᠦᠨ᠎ᠡ᠂ ᠮᠡᠬᠡᠯᠡᠯ ᠤᠨ ᠰᠡᠵᠢᠭ ᠲᠠᠢ ᠲᠣᠬᠢᠶᠠᠯᠳᠤᠪᠠᠯ ᠲᠦᠷᠭᠡᠨ ᠢᠯᠡᠴᠢᠯᠡᠨ ᠮᠡᠳᠡᠭᠦᠯᠵᠦ ᠪᠣᠯᠤᠨ᠎ᠠ︔ ᠭᠤᠷᠪᠠ ᠳᠤ ᠪᠡᠶ᠎ᠡ ᠶᠢᠨ ᠬᠢᠷᠢ ᠬᠡᠮ ᠤᠨ ᠰᠢᠯᠭᠠᠨ ᠪᠠᠲᠤᠯᠠᠯᠲᠠ ᠬᠢᠵᠦ᠂ ᠵᠣᠭᠤᠭᠳᠠᠬᠤ ᠡᠲᠡᠭᠡᠳ ᠤᠨ ᠪᠡᠶ᠎ᠡ ᠶᠢᠨ ᠬᠢᠷᠢ ᠬᠡᠮ ᠳᠤ ᠬᠠᠪᠰᠤᠷᠤᠮᠵᠢ ᠰᠢᠯᠭᠠᠨ ᠪᠠᠲᠤᠯᠠᠯᠲᠠ ᠬᠢᠨ᠎ᠠ︔ ᠳᠥᠷᠪᠡ ᠳᠤ ᠬᠡᠷᠡᠭ ᠮᠡᠳᠡᠭᠦᠯᠬᠦ ᠲᠤᠰᠠᠯᠠᠭᠴᠢ᠂ ᠮᠡᠬᠡᠯᠡᠭᠳᠡᠭᠰᠡᠨ ᠤ ᠳᠠᠷᠠᠭ᠎ᠠ ᠲᠡᠷᠡ ᠳᠠᠷᠤᠶ ᠳᠤᠨᠢ APP ᠳᠤ ᠬᠡᠷᠡᠭ ᠮᠡᠳᠡᠭᠦᠯᠦᠨ᠎ᠡ᠃      ᠡᠭᠦᠨ ᠳᠤ ᠪᠢᠳᠡ ᠰᠠᠨᠠᠭᠠᠴᠢᠯᠠᠬᠤ ᠨᠢ᠄      ᠪᠥᠬᠦ ᠰᠠᠭᠤᠭᠠᠯᠢ ᠠᠷᠠᠳ ᠳᠠᠷᠤᠶ ᠲᠦᠷᠭᠡᠨ ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠬᠡᠷ ᠤᠨ ᠬᠥᠮᠦᠰ᠂ ᠲᠥᠷᠥᠯ ᠰᠠᠳᠤᠨ ᠨᠠᠶᠢᠵᠠ ᠨᠥᠬᠦᠳ ᠢᠶᠠᠨ ᠳᠠᠶᠢᠴᠢᠯᠠᠨ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠤᠨ APP ᠶᠢ ᠪᠠᠭᠤᠯᠭᠠᠨ ᠤᠭᠰᠠᠷᠠᠭᠤᠯᠵᠤ᠂ ᠮᠡᠳᠡᠭᠡ ᠵᠠᠩᠭᠢ ᠶᠢ ᠣᠨᠣᠪᠴᠢᠲᠠᠶ ᠲᠠᠭᠯᠠᠨ᠂ ︽ᠮᠡᠬᠡᠯᠡᠯ ᠢ ᠤᠷᠢᠳᠴᠢᠯᠠᠨ ᠰᠡᠷᠡᠮᠵᠢᠯᠡᠭᠦᠯᠬᠦ︾ ᠴᠢᠳᠠᠮᠵᠢ ᠶᠢ ᠡᠬᠢᠯᠡᠭᠦᠯᠵᠦ᠂ ᠪᠢᠳᠡ ᠬᠠᠮᠲᠤ ᠪᠠᠷ ᠭᠠᠷ ᠬᠤᠯᠪᠣᠨ ᠮᠡᠬᠡᠯᠡᠯ ᠢ ᠡᠰᠡᠷᠭᠦᠴᠡᠬᠦ ᠸᠠᠺᠼᠢᠨ ᠤ ᠲᠠᠷᠢᠯᠭ᠎ᠠ ᠬᠢᠵᠦ᠂ ᠲᠣᠰ ᠪᠡᠶ᠎ᠡ ᠶᠢᠨ ᠮᠡᠬᠡᠯᠡᠯ ᠢ ᠡᠰᠡᠷᠭᠦᠴᠡᠬᠦ ᠡᠭᠡᠯᠢᠯᠡᠭᠡ ᠶᠢᠨ ᠴᠢᠳᠠᠪᠤᠷᠢ ᠪᠠᠨ ᠨᠡᠮᠡᠭᠳᠡᠭᠦᠯᠦᠶ᠎ᠡ᠃      ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠦᠢ ᠴᠢᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ                      2023 ᠣᠨ ᠤ 9 ᠰᠠᠷ᠎ᠠ ᠶᠢᠨ 11 ᠤ ᠡᠳᠦᠷ              ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号