ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠬᠠᠯᠠᠮᠰᠢᠯ ᠠᠰᠠᠭᠤᠳᠠᠯ ᠤᠨ ᠬᠠᠷᠢᠭᠤᠯᠲᠠ
ᠨᠡᠶᠢᠲᠡᠯᠡᠭᠰᠡᠨ ᠴᠠᠭ᠄
2023/9/12
     ᠣᠶᠢᠷ᠎ᠠ ᠳᠤ᠂ ᠡᠯ᠎ᠡ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠬᠠᠮᠤᠭ ᠤᠨ ᠰᠢᠨ᠎ᠡ ᠮᠡᠳᠡᠭᠳᠡᠯ ᠨᠡᠶᠢᠲᠡᠯᠡᠵᠦ᠂ 2024 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠵᠤ ᠡᠬᠢᠯᠡᠪᠡ᠃ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠲᠤᠬᠠᠶ ᠮᠠᠰᠢ ᠣᠯᠠᠨ ᠬᠥᠮᠦᠨ ᠮᠠᠳᠠᠭ ᠲᠠᠢ ᠪᠠᠶᠢᠨ᠎ᠠ᠂ ᠵᠢᠱᠢᠶᠡᠯᠡᠪᠡᠯ᠂ ᠭᠠᠳᠠᠨ᠎ᠠ ᠬᠥᠯᠥᠰᠥᠨ ᠠᠵᠢᠯ ᠬᠢᠵᠦ ᠨᠤᠲᠤᠭ ᠤᠨ ᠵᠢᠯ ᠪᠦᠷᠢ ᠶᠢᠨ ᠲᠤᠰᠢᠶᠠᠬᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠪᠠᠰᠠ ᠦᠷᠭᠦᠯᠵᠢᠯᠡᠨ ᠰᠦᠢᠳᠭᠡᠯ ᠲᠤᠰᠢᠶᠠᠨ᠎ᠠ ᠦᠦ ᠥᠬᠡᠶ ᠦᠦ︖ ᠠᠩᠬ᠎ᠠ ᠤᠳᠠᠭ᠎ᠠ ᠳᠠᠭᠠᠳᠬᠠᠯ ᠳᠤ ᠣᠷᠣᠪᠠᠯ ᠰᠢᠭᠤᠳ ᠰᠦᠢᠳᠭᠡᠯ ᠲᠤᠰᠢᠶᠠᠵᠤ ᠪᠣᠯᠤᠨ᠎ᠠ ᠤᠣ︖ ᠬᠠᠮᠢᠭ᠎ᠠ ᠰᠦᠢᠳᠬᠡᠯ ᠲᠤᠰᠢᠶᠠᠬᠤ ᠪᠤᠢ︖ ᠁᠃ ᠥᠨᠥᠳᠦᠷ ᠤᠯᠠᠨ ᠳᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠲᠣᠳᠣᠷᠬᠠᠶ ᠲᠠᠶᠢᠯᠪᠤᠷᠢᠯᠠᠵᠤ ᠥᠭᠭᠦᠶ᠎ᠡ᠃
     ᠨᠢᠭᠡ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ︵ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ᠂ ᠠᠮᠢᠳᠤᠯᠢᠭ ᠢᠶᠠᠷ ᠠᠵᠢᠯ ᠣᠯᠤᠭᠰᠠᠳ ᠵᠡᠷᠭᠡ ᠶᠢ ᠪᠠᠭᠲᠠᠭᠠᠨ᠎ᠠ︶ ᠬᠥᠮᠦᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠳᠠᠬᠢᠨ ᠣᠷᠣᠯᠴᠠᠵᠤ ᠪᠣᠯᠤᠨ᠎ᠠ ᠦᠦ︖      ᠪᠣᠯᠬᠤ ᠦᠭᠡᠢ᠂ ᠡᠮ ᠡᠮᠨᠡᠯᠭᠡ ᠶᠢᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠲᠣᠭᠲᠠᠭᠠᠯ ᠶᠣᠰᠣᠭᠠᠷ᠂ ᠠᠳᠠᠯᠢ ᠨᠢᠭᠡᠨ ᠳᠠᠭᠠᠳᠬᠠᠯ ᠳᠤ ᠣᠷᠣᠯᠴᠠᠭᠴᠢ ᠠᠳᠠᠯᠢ ᠨᠢᠭᠡᠨ ᠴᠠᠭ ᠬᠤᠭᠤᠴᠠᠭᠠᠨ ᠤ ᠳᠣᠲᠣᠷ᠎ᠠ ᠠᠳᠠᠯᠢ ᠨᠢᠭᠡᠨ ᠳᠦᠷᠢᠮ ᠪᠤᠶᠤ ᠠᠳᠠᠯᠢ ᠪᠤᠰᠤ ᠳᠦᠷᠢᠮ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠳᠠᠪᠬᠤᠷᠳᠠᠭᠤᠯᠤᠨ ᠣᠷᠣᠯᠴᠠᠵᠤ ᠪᠣᠯᠬᠤ ᠦᠭᠡᠢ᠃      ᠬᠤᠶᠠᠷ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠠᠩᠬ᠎ᠠ ᠤᠳᠠᠭ᠎ᠠ ᠣᠷᠣᠯᠴᠠᠪᠠᠯ ᠰᠢᠭᠤᠳ ᠰᠦᠢᠳᠬᠡᠯ ᠲᠤᠰᠢᠶᠠᠵᠤ ᠪᠣᠯᠤᠨ᠎ᠠ ᠦᠦ︖      ᠤᠷᠢᠳᠠᠪᠠᠷ ᠬᠦᠴᠦᠨ ᠪᠥᠬᠦᠶ ᠪᠡᠶ᠎ᠡ ᠶᠢᠨ ᠦᠨᠡᠮᠯᠡᠯ ︵ᠪᠡᠶ᠎ᠡ ᠶᠢᠨ ᠦᠨᠡᠮᠯᠡᠯ᠂ ᠣᠷᠣᠰᠢᠨ ᠰᠠᠭᠤᠬᠤ ᠦᠨᠡᠮᠯᠡᠯ᠂ ᠡᠷᠦᠬᠡ ᠠᠮᠠ ᠶᠢᠨ ᠳᠡᠪᠲᠡᠷ᠂ ᠫᠠᠰᠫᠣᠷᠲ᠂ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠲᠤᠲᠤᠷ ᠭᠠᠵᠠᠷ ᠲᠤ ᠢᠷᠡᠵᠦ ᠶᠠᠪᠤᠬᠤ ᠦᠨᠡᠮᠯᠡᠯ᠂ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ᠂ ᠭᠠᠳᠠᠭᠠᠳᠤ ᠶᠢᠨ ᠬᠥᠮᠦᠨ ᠤ ᠥᠨᠢᠳᠡ ᠣᠷᠣᠰᠢᠨ ᠰᠠᠭᠤᠬᠤ ᠦᠨᠡᠮᠯᠡᠯ ᠵᠡᠷᠭᠡ ᠪᠠᠭᠲᠠᠨ᠎ᠠ︶ ᠢᠶᠠᠨ ᠠᠪᠴᠤ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ ᠣᠷᠳᠣ ᠬᠤᠭᠤᠴᠠᠭ᠎ᠠ ᠪᠠᠷ ᠣᠷᠣᠰᠢᠨ ᠰᠠᠭᠤᠬᠤ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠲᠢᠩᠬᠢᠮ ᠪᠤᠶᠤ ᠵᠢᠭᠠᠨ ᠲᠣᠭᠲᠠᠭᠠᠭᠰᠠᠨ ᠦᠢᠯᠡᠴᠢᠯᠡᠭᠡᠨ ᠤ ᠴᠡᠭ ᠲᠤ ᠬᠦᠷᠴᠦ ᠳᠠᠭᠠᠳᠬᠠᠯ ᠳᠤ ᠣᠷᠣᠯᠴᠠᠬᠤ ᠳᠡᠩᠰᠡᠯᠡᠯᠲᠡ ᠶᠢᠨ ᠭᠠᠷᠳᠠᠮ ᠭᠦᠢᠴᠡᠳᠭᠡᠨ᠎ᠡ ︵ᠪᠣᠳᠠᠲᠠᠶ ᠭᠦᠢᠴᠡᠳᠭᠡᠬᠦ ᠭᠠᠵᠠᠷ ᠢ ᠲᠤᠬᠠᠶ ᠶᠢᠨ ᠭᠠᠵᠠᠷ ᠤᠨ ᠨᠡᠶᠢᠲᠡᠯᠡᠭᠰᠡᠨ ᠢᠶᠠᠷ ᠪᠠᠷᠢᠮᠵᠢᠶ᠎ᠠ ᠪᠣᠯᠭᠠᠨ᠎ᠠ︶᠂ ᠳᠠᠬᠢᠭᠠᠳ ᠰᠦᠯᠵᠢᠶᠡᠨ ᠳᠡᠭᠡᠷ᠎ᠡ ᠪᠤᠶᠤ ᠰᠦᠯᠵᠢᠶᠡᠨ ᠭᠠᠳᠠᠨᠠᠬᠢ ᠠᠷᠭ᠎ᠠ ᠵᠠᠮ ᠢᠶᠠᠷ ᠵᠠᠷᠤᠳᠠᠯ ᠲᠤᠰᠢᠶᠠᠨ᠎ᠠ᠃      ᠭᠤᠷᠪᠠ᠂ ᠥᠩᠭᠡᠷᠡᠭᠰᠡᠨ ᠳᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠥᠩᠭᠡᠷᠡᠭᠰᠡᠨ ᠪᠠᠶᠢᠲᠠᠯ᠎ᠠ ᠪᠠᠨ ᠳᠤᠮᠳᠠ ᠠᠴᠠ ᠨᠢ ᠲᠤᠰᠢᠶᠠᠬᠤ ᠪᠠᠨ  ᠵᠤᠭᠰᠤᠵᠤ᠂ ᠡᠨᠡ ᠵᠢᠯ ᠳᠠᠬᠢᠵᠤ ᠳᠠᠭᠠᠳᠬᠠᠯ ᠳᠤ ᠤᠷᠤᠯᠴᠠᠪᠠᠯ ᠶᠠᠭᠠᠬᠢᠵᠤ ᠰᠦᠢᠳᠬᠡᠯ ᠲᠤᠰᠢᠶᠠᠬᠤ ᠪᠤᠢ︖      ᠦᠷᠭᠦᠯᠵᠢᠯᠡᠨ ᠤᠤᠯ ᠤᠨ ᠳᠠᠭᠠᠳᠬᠠᠯ ᠳᠤ ᠣᠷᠣᠯᠴᠠᠭᠰᠠᠨ ᠭᠠᠵᠠᠷ ᠲᠠᠭᠠᠨ ᠰᠦᠢᠳᠭᠡᠯ ᠲᠤᠰᠢᠶᠠᠪᠠᠯ᠂ ᠰᠢᠭᠤᠳ ᠰᠦᠯᠵᠢᠶᠡᠨ ᠳᠡᠭᠡᠷ᠎ᠡ ᠪᠤᠶᠤ ᠰᠦᠯᠵᠢᠶᠡᠨ ᠭᠠᠳᠠᠨᠠᠬᠢ ᠵᠠᠮ ᠢᠶᠠᠷ ᠰᠦᠢᠳᠭᠡᠯ ᠲᠤᠰᠢᠶᠠᠪᠠᠯ ᠪᠣᠯᠴᠢᠬᠠᠨ᠎ᠠ︔ ᠳᠠᠭᠠᠳᠬᠠᠯ ᠳᠤ ᠣᠷᠣᠯᠴᠠᠭᠰᠠᠨ ᠭᠠᠵᠠᠷ ᠢᠶᠠᠨ ᠰᠢᠯᠵᠢᠭᠦᠯᠦᠭᠰᠡᠨ ᠪᠠᠶᠢᠪᠠᠯ᠂ ᠰᠢᠨ᠎ᠡ ᠳᠠᠭᠠᠳᠬᠠᠯ ᠳᠤ ᠣᠷᠣᠯᠴᠠᠭᠰᠠᠨ ᠭᠠᠵᠠᠷ ᠲᠠᠭᠠᠨ ᠳᠠᠭᠠᠳᠬᠠᠯ ᠳᠤ ᠣᠷᠣᠯᠴᠠᠭᠰᠠᠨ ᠳᠡᠩᠰᠡᠯᠡᠯᠲᠡ ᠶᠢᠨ ᠭᠠᠷ ᠭᠦᠢᠴᠡᠳᠭᠡᠯ ᠬᠢᠭᠰᠡᠨ ᠤ ᠳᠠᠷᠠᠭ᠎ᠠ ᠰᠠᠶ᠋ᠢ ᠰᠦᠢᠳᠭᠡᠯ ᠲᠤᠰᠢᠶᠠᠵᠤ ᠪᠣᠯᠤᠨ᠎ᠠ᠃      ᠳᠥᠷᠪᠡ᠂ ᠶᠠᠮᠠᠷ ᠶᠠᠮᠠᠷ ᠡᠭᠦᠳᠡᠨ ᠡᠮᠨᠡᠯᠭᠡ ᠶᠢᠨ ᠵᠠᠷᠤᠳᠠᠯ ᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢᠶᠠᠷ ᠲᠠᠩᠰᠠ ᠳᠡᠶᠢᠯᠵᠦ ᠪᠣᠯᠬᠤ ᠪᠤᠢ︖      ᠡᠩ ᠤᠨ ᠡᠭᠦᠳᠡᠨ ᠡᠮᠨᠡᠯᠭᠡ ᠶᠢᠨ ᠵᠠᠷᠤᠳᠠᠯ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠵᠠᠷᠤᠳᠠᠯ᠂ ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠶᠢᠨ ᠵᠠᠷᠤᠳᠠᠯ᠃ ᠪᠣᠳᠠᠲᠠᠶ ᠲᠠᠩᠰᠠ ᠲᠠᠶᠢᠯᠬᠤ ᠪᠠᠷᠢᠮᠵᠢᠶ᠎ᠠ ᠶᠢ ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ ᠤᠨ ᠪᠣᠳᠠᠲᠠᠶ ᠲᠣᠭᠲᠠᠭᠠᠯ ᠢᠶᠠᠷ ᠬᠡᠷᠡᠭᠵᠢᠭᠦᠯᠦᠨ᠎ᠡ᠃      ᠲᠠᠪᠤ᠂ ᠬᠡᠷ ᠤᠨ ᠬᠥᠮᠦᠰ ᠢᠶᠠᠨ ᠬᠡᠷᠬᠢᠨ ᠬᠠᠪᠰᠤᠷᠴᠤ ᠪᠠᠶᠢᠭᠠᠳ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠲᠤᠰᠢᠶᠠᠵᠤ ᠪᠤᠯᠬᠤ ᠪᠤᠢ︖      ᠡᠭᠦᠨ ᠢ ᠰᠦᠯᠵᠢᠶᠡᠨ ᠭᠠᠳᠠᠨ᠎ᠠ ᠪᠠ ᠰᠦᠯᠵᠢᠶᠡᠨ ᠳᠡᠭᠡᠷ᠎ᠡ ᠬᠤᠶᠠᠷ ᠵᠦᠢᠯ ᠤᠨ ᠰᠦᠢᠳᠭᠡᠯ ᠲᠤᠰᠢᠶᠠᠬᠤ ᠠᠷᠭ᠎ᠠ ᠬᠡᠯᠪᠡᠷᠢ ᠭᠡᠵᠦ ᠬᠤᠪᠢᠶᠠᠨ᠎ᠠ᠃      ᠰᠦᠯᠵᠢᠶᠡᠨ ᠭᠠᠳᠠᠨ᠎ᠠ ᠰᠦᠢᠳᠭᠡᠯ ᠲᠤᠰᠢᠶᠠᠬᠤ᠄ ᠲᠣᠰ ᠬᠥᠮᠦᠨ ᠤ ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ ᠠᠪᠴᠤ ︵ᠵᠠᠷᠢᠮ ᠭᠠᠵᠠᠷ ᠤᠨ ᠬᠢᠨ ᠣᠷᠣᠯᠠᠨ ᠭᠦᠢᠴᠡᠳᠭᠡᠭᠴᠢ ᠶᠢᠨ ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ ᠠᠪᠴᠤ ᠶᠠᠪᠤᠬᠤ ᠬᠡᠷᠡᠭᠲᠡᠶ ᠭᠡᠵᠦ ᠲᠣᠭᠲᠠᠭᠠᠵᠠᠶ︶ ᠵᠢᠭᠠᠨ ᠲᠣᠭᠲᠠᠭᠠᠭᠰᠠᠨ ᠰᠦᠢᠳᠭᠡᠯ ᠲᠤᠰᠢᠶᠠᠬᠤ ᠭᠠᠵᠠᠷ ᠲᠤ ᠬᠦᠷᠴᠦ ᠰᠦᠢᠳᠭᠡᠯ ᠲᠤᠰᠢᠶᠠᠨ᠎ᠠ᠃      ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ᠄ ᠲᠤᠬᠠᠶ ᠶᠢᠨ ᠭᠠᠵᠠᠷ ᠤᠨ ᠭᠠᠶᠢᠯᠢ ᠶᠢᠨ ᠶᠠᠪᠤᠳᠠᠯ ᠤᠨ APP᠂ ᠲᠣᠭᠠᠴᠠᠭ᠎ᠠ ᠬᠢᠬᠦ ᠡᠷᠳᠡᠨᠢ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠳᠡᠭᠡᠷ᠎ᠡ ᠰᠦᠢᠳᠭᠡᠯ ᠲᠤᠰᠢᠶᠠᠬᠤ ᠠᠯᠬᠤᠮ ᠳᠠᠷᠠᠭ᠎ᠠ ᠪᠠᠷ ᠠᠵᠢᠯᠯᠠᠭᠤᠯᠪᠠᠯ ᠪᠣᠯᠴᠢᠬᠠᠨ᠎ᠠ᠃ ᠪᠣᠳᠠᠲᠠᠶ ᠭᠦᠢᠴᠡᠳᠭᠡᠬᠦ ᠠᠷᠭ᠎ᠠ ᠮᠠᠶ᠋ᠢᠭ ᠢ ᠲᠤᠬᠠᠶ ᠶᠢᠨ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠦᠴᠢᠷ ᠠᠴᠠ ᠯᠠᠪᠯᠠᠵᠤ ᠪᠤᠯᠤᠨ᠎ᠠ᠃
     ᠬᠠᠯᠠᠭᠤᠨ ᠳᠣᠲᠣᠨᠣ ᠰᠠᠨᠠᠭᠤᠯᠭ᠎ᠠ᠄      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠨᠢᠭᠡ ᠵᠢᠯ ᠳᠤ ᠨᠢᠭᠡ ᠤᠳᠠᠭ᠎ᠠ ᠲᠤᠰᠢᠶᠠᠵᠤ᠂ ᠨᠢᠭᠡ ᠤᠳᠠᠭ᠎ᠠ ᠲᠤᠰᠢᠶᠠᠪᠠᠯ ᠨᠢᠭᠡ ᠵᠢᠯ ᠪᠠᠲᠤᠯᠠᠨ᠎ᠠ᠃ ᠬᠡᠷᠪᠡ ᠴᠠᠭ ᠲᠠᠭᠠᠨ ᠲᠤᠰᠢᠶᠠᠬᠤ ᠦᠭᠡᠶ ᠪᠣᠯ ᠳᠠᠷᠠᠭ᠎ᠠ ᠵᠢᠯ ᠳᠤᠨᠢ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠬᠡᠪ ᠤᠨ ᠶᠣᠰᠣᠭᠠᠷ ᠡᠳ᠋ᠯᠡᠵᠦ ᠴᠢᠳᠠᠬᠤ ᠦᠭᠡᠶ ᠪᠣᠯᠤᠨ᠎ᠠ᠃ ᠣᠲᠣ ᠨᠢᠭᠡᠨᠲᠡ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠬᠤᠭᠤᠴᠠᠭᠠᠨ ᠳᠤ ᠤᠷᠤᠵᠤ᠂ ᠣᠯᠠᠨ ᠢᠶᠠᠷ ᠢᠶᠠᠨ ᠥᠪᠡᠷ ᠤᠨ ᠪᠡᠶ᠎ᠡ ᠳᠡᠭᠡᠨ ᠨᠢᠭᠡ ᠬᠤᠪᠢ ᠪᠠᠲᠤᠯᠠᠭ᠎ᠠ ᠲᠤᠰᠢᠶᠠᠬᠤ ᠪᠠᠨ ᠪᠢᠲᠡᠭᠡᠶ ᠮᠠᠷᠲᠠᠭᠠᠷᠠᠶ︕         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号