ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠰᠢᠩ ᠯᠦᠩ ᠭᠤᠳᠤᠮᠵᠢ ᠶᠢᠨ ᠵᠡᠭᠡᠯᠢ ᠭᠤᠳᠤᠮᠵᠢ ᠶᠢᠨ | ᠪᠠᠷᠠᠭᠤᠨ ᠰᠠᠨ ᠯᠢ ᠶᠢᠩ ᠨᠡᠶᠢᠭᠡᠮ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ | ᠦᠢᠯᠡᠴᠢᠯᠡᠭᠡᠨ ᠤ ᠴᠡᠭ ᠤᠨ ᠣᠷᠣᠯᠠᠨ ᠭᠦᠢᠴᠡᠳᠭᠡᠭᠴᠢ ᠵᠠᠩ ᠲᠢᠩ ᠣᠲᠣ ᠶᠠᠭ ᠴᠠᠭ ᠨᠡᠮᠡᠵᠦ ᠠᠵᠢᠯᠯᠠᠭᠠᠳ ᠡᠷᠦᠬᠡ | ᠪᠦᠷᠢ ᠶᠢᠨ ᠪᠤᠴᠠᠭᠠᠭᠰᠠᠨ ᠵᠣᠭᠤᠰ ᠤᠨ ᠲᠤᠭ᠎ᠠ ᠶᠢ ᠲᠣᠭᠠᠴᠠᠭ᠎ᠠ ᠬᠢᠵᠦ ᠪᠠᠶᠢᠨ᠎ᠠ᠃ ᠨᠠᠨ ᠴᠠ ᠹᠠᠩ ᠲᠣᠰᠬᠤᠨ ᠤ | ᠠᠷᠠᠳ ᠤᠨ ᠣᠷᠣᠨ ᠰᠠᠭᠤᠴᠠ ᠶᠢᠨ ᠬᠤᠷᠢᠶᠠᠯᠠᠯ ᠤᠨ ᠬᠡᠷ ᠪᠠᠶᠢᠰᠢᠩ ᠤᠨ ᠭᠡᠷᠡᠴᠢ ᠶᠢᠨ ᠦᠯᠡᠳᠡᠭᠳᠡᠯ ᠠᠰᠠᠭᠤᠳᠠᠯ ᠢ | ᠲᠦᠷᠭᠡᠨ ᠰᠢᠢᠳᠪᠦᠷᠢᠯᠡᠬᠦ ᠶᠢᠨ ᠲᠥᠯᠥᠭᠡ᠂ ᠣᠷᠣᠯᠠᠨ ᠭᠦᠢᠴᠡᠳᠭᠡᠭᠴᠢ ᠵᠠᠩ ᠲᠢᠩ ᠪᠣᠯᠤᠨ ᠵᠣᠣ ᠺᠠᠶ ᠪᠠᠩᠬᠢ ᠳᠤ | ᠬᠦᠷᠴᠦ ᠥᠮᠴᠢᠲᠡᠨ ᠤ ᠰᠦᠢᠳᠭᠡᠯ ᠲᠤᠰᠢᠶᠠᠭᠰᠠᠨ ᠲᠠᠩᠰᠠᠨ ᠡᠷᠦᠬᠡ ᠶᠢᠨ ᠴᠤᠪᠤᠷᠠᠯ ᠲᠠᠩᠰᠠ ᠶᠢ ᠪᠠᠶᠢᠴᠠᠭᠠᠨ | ᠯᠠᠪᠯᠠᠬᠤ ᠶᠢᠨ ᠬᠠᠮᠲᠤ ᠲᠣᠰ ᠡᠳᠦᠷ ᠤᠨ ᠦᠳᠡ ᠶᠢᠨ ᠬᠤᠶᠢᠨ᠎ᠠ ᠨᠠᠨ ᠴᠠ ᠹᠠᠩ ᠲᠣᠰᠬᠤᠨ ᠤ ᠠᠷᠠᠳ ᠤᠨ ᠣᠷᠣᠨ | ᠰᠠᠭᠤᠴᠠ ᠶᠢᠨ ᠬᠤᠷᠢᠶᠠᠯᠠᠯ ᠤᠨ ᠡᠯ᠎ᠡ ᠤᠷᠤᠴᠠᠲᠤ ᠠᠰᠠᠷ ᠤᠨ ᠡᠭᠦᠳᠡᠨ ᠳᠤ ᠨᠠᠭᠠᠵᠤ ᠵᠠᠷᠯᠠᠨ ᠨᠡᠶᠢᠲᠡᠯᠡᠵᠦ᠂ | ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠤᠷᠤᠭᠤ ᠥᠬᠡᠶ ᠠᠬᠢᠭᠤᠯᠬᠤ ᠶᠢ ᠦᠨᠡᠨ ᠬᠦ ᠪᠠᠲᠤᠯᠠᠪᠠ᠃ | | | | | 2016 ᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠤᠨ ᠲᠦᠷᠦ ᠶᠢᠨ ᠪᠤᠳᠤᠯᠭ᠎ᠠ ᠶᠢᠨ | ᠳᠤᠬᠢᠷᠠᠭᠤᠯᠤᠯᠳᠠ ᠳᠤ᠂ ᠨᠠᠨ ᠴᠠ ᠹᠠᠩ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠬᠤᠷᠢᠶᠠᠯᠠᠯ ᠤᠨ ᠭᠠᠵᠠᠷ | ᠰᠢᠷᠣᠢ ᠨᠢ ᠮᠥᠨ ᠯᠡ ᠬᠠᠮᠲᠤ ᠶᠢᠨ ᠭᠠᠵᠠᠷ ᠰᠢᠷᠣᠢ ᠶᠢᠨ ᠰᠢᠨᠵᠢ ᠴᠢᠨᠠᠷ ᠲᠠᠢ ᠪᠠᠶᠢᠵᠤ᠂ ᠬᠤᠷᠢᠶᠠᠯᠠᠯ ᠤᠨ ᠰᠠᠭᠤᠭᠠᠯᠢ | ᠠᠷᠠᠳ ᠥᠪᠡᠷ ᠤᠨ ᠬᠡᠷ ᠪᠠᠶᠢᠰᠢᠩ ᠤᠨ ᠭᠡᠷᠡᠴᠢ ᠪᠠᠨ ᠬᠡᠪ ᠤᠨ ᠪᠠᠶᠢᠳᠠᠯ ᠢᠶᠠᠷ ᠠᠷᠠᠯᠵᠢᠶᠠᠯᠠᠵᠤ ᠳᠡᠶᠢᠯᠬᠦ ᠦᠭᠡᠢ ᠪᠠ | ᠪᠠᠷᠢᠴᠠᠭᠠᠨ ᠤ ᠵᠢᠭᠡᠯᠡᠯᠭᠡ ᠠᠪᠴᠤ ᠳᠡᠶᠢᠯᠬᠦ ᠦᠭᠡᠢ ᠭᠡᠵᠦ ᠣᠯᠠᠨᠲᠠ ᠲᠤᠰᠬᠠᠵᠤ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠪᠠᠶᠢᠳᠠᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠡᠢ᠃ ᠳᠡᠭᠡᠳᠦ ᠱᠠᠲᠤᠨ ᠤ | ᠰᠠᠯᠠᠭ᠎ᠠ ᠮᠥᠴᠢᠷ ᠵᠥᠪᠰᠢᠶᠡᠷᠡᠭᠰᠡᠨ ᠤ ᠳᠠᠷᠠᠭ᠎ᠠ᠂ 2021 ᠣᠨ ᠠᠴᠠ ᠡᠬᠢᠯᠡᠨ᠂ ᠰᠠᠭᠤᠭᠠᠯᠢ ᠠᠷᠠᠳ ᠤᠨ | ᠲᠥᠯᠥᠭᠡᠯᠡᠭᠴᠢᠳ ᠤᠨ ᠵᠣᠬᠢᠶᠠᠨ ᠪᠠᠶᠢᠭᠤᠯᠤᠯᠲᠠ ᠠᠴᠠ ᠰᠦᠢᠳᠭᠡᠯ ᠬᠤᠷᠢᠶᠠᠵᠤ ᠭᠠᠵᠠᠷ ᠰᠢᠷᠣᠶ ᠶᠢᠨ ᠰᠢᠨᠵᠢ | ᠴᠢᠨᠠᠷ ᠢ ᠬᠤᠪᠢᠷᠠᠭᠤᠯᠬᠤ ᠶᠢᠨ ᠤᠯᠠᠮ ᠠᠴᠠ ᠬᠡᠷ ᠪᠠᠶᠢᠰᠢᠩ ᠤᠨ ᠭᠡᠷᠡᠴᠢ ᠶᠢ ᠭᠦᠢᠴᠡᠳᠭᠡᠨ᠎ᠡ᠃ ᠭᠠᠵᠠᠷ ᠰᠢᠷᠣᠶ ᠶᠢᠨ | ᠰᠢᠨᠵᠢ ᠴᠢᠨᠠᠷ ᠢ ᠬᠤᠪᠢᠷᠠᠭᠤᠯᠬᠤ ᠳᠤ ᠪᠡᠷᠬᠡᠲᠡᠶ ᠵᠡᠷᠭᠡ ᠠᠰᠠᠭᠤᠳᠠᠯ ᠠᠴᠠ ᠪᠣᠯᠵᠣ᠂ ᠬᠤᠶᠠᠷ ᠵᠢᠯ ᠭᠠᠷᠤᠶ ᠶᠢᠨ | ᠬᠤᠭᠤᠴᠠᠭᠠᠨ ᠳᠤ ᠬᠡᠷ ᠪᠠᠶᠢᠰᠢᠩ ᠤᠨ ᠭᠡᠷᠡᠴᠢ ᠶᠢ ᠰᠢᠢᠳᠪᠦᠷᠢᠯᠡᠵᠦ ᠳᠠᠭᠤᠰᠬᠠᠭᠰᠠᠨ ᠥᠬᠡᠶ᠂ ᠰᠠᠭᠤᠭᠠᠯᠢ ᠠᠷᠠᠳ | ᠬᠦᠰᠡᠯ ᠱᠠᠭᠠᠷᠳᠠᠯᠭ᠎ᠠ ᠪᠠᠨ ᠬᠤᠪᠢᠷᠠᠭᠤᠯᠵᠤ᠂ ᠬᠡᠷ ᠪᠠᠶᠢᠰᠢᠩ ᠤᠨ ᠭᠡᠷᠡᠴᠢ ᠶᠢ ᠭᠦᠢᠴᠡᠳᠭᠡᠬᠦ ᠳᠤ ᠬᠤᠷᠢᠶᠠᠭᠰᠠᠨ | ᠰᠦᠢᠳᠭᠡᠯ ᠢ ᠪᠤᠴᠠᠭᠠᠯᠭᠠᠬᠤ ᠪᠠᠷ ᠱᠠᠭᠠᠷᠳᠠᠪᠠ᠃ | | | | | ᠨᠡᠶᠢᠭᠡᠮ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠵᠠᠩ ᠲᠢᠩ ᠰᠠᠭᠤᠭᠠᠯᠢ | ᠠᠷᠠᠳ ᠤᠨ ᠬᠤᠶᠢᠷᠶᠠᠯᠠᠯ ᠤᠨ ᠰᠠᠭᠤᠭᠠᠯᠢ ᠠᠷᠠᠳ ᠤᠨ ᠲᠤᠰᠬᠠᠯ ᠢ ᠣᠯᠤᠭᠰᠠᠨ ᠤ ᠳᠠᠷᠠᠭ᠎ᠠ᠂ ᠪᠠᠶᠢᠳᠠᠯ ᠪᠣᠯᠤᠨ | ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠦᠨᠡᠨᠬᠦ ᠣᠶᠢᠯᠠᠭᠠᠪᠠ᠃ ᠬᠤᠯᠪᠣᠭᠳᠠᠬᠤ ᠬᠥᠮᠦᠨ ᠤᠯᠠᠨ ᠪᠥᠭᠡᠳ | ᠤᠯᠠᠨ ᠰᠠᠯᠠᠭ᠎ᠠ ᠮᠥᠴᠢᠷ ᠤᠨ ᠪᠠᠶᠢᠭᠤᠯᠤᠮᠵᠢ ᠲᠠᠢ ᠬᠠᠷᠢᠯᠴᠠᠵᠤ ᠵᠣᠬᠢᠴᠠᠭᠤᠯᠬᠤ ᠴᠢᠬᠤᠯᠠᠲᠠᠶ ᠪᠣᠯᠬᠤᠷ᠂ ᠣᠷᠣᠯᠠᠨ | ᠭᠦᠢᠴᠡᠳᠬᠡᠭᠴᠢ ᠲᠡᠷᠡ ᠳᠠᠷᠤᠶ ᠳᠤᠨᠢ ᠰᠢᠩ ᠯᠦᠩ ᠭᠤᠳᠤᠮᠵᠢ ᠶᠢᠨ ᠵᠡᠭᠡᠯᠢ ᠭᠤᠳᠤᠮᠵᠢ ᠶᠢᠨ ᠵᠠᠬᠢᠳᠠᠯ | ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠦᠷᠳᠡᠭᠡ ᠳᠤ ᠮᠡᠳᠡᠭᠦᠯᠦᠭᠰᠡᠨ ᠳᠤ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠤᠷᠢᠳᠤᠯᠭ᠎ᠠ ᠲᠦᠢᠯ ᠢᠶᠠᠷ ᠴᠢᠬᠤᠯᠠᠴᠢᠯᠠᠵᠤ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠵᠤ᠂ ᠠᠵᠢᠯ ᠤᠨ | ᠲᠥᠰᠦᠯ ᠢᠶᠠᠨ ᠲᠣᠭᠲᠠᠭᠠᠪᠠ᠃ ᠬᠡᠷᠡᠭ ᠳᠠᠭᠠᠭᠠᠴᠢᠯᠠᠭᠰᠠᠨ ᠤᠳᠤᠷᠢᠳᠤᠯᠭ᠎ᠠ᠂ ᠨᠡᠶᠢᠭᠡᠮ ᠲᠣᠭᠤᠷᠢᠭ ᠤᠨ ᠱᠦᠵᠢ᠂ | ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠠᠴᠠ ᠢᠦᠶ ᠴᠢᠤᠸᠠᠨ ᠲᠣᠭᠤᠷᠢᠭ ᠤᠨ ᠬᠡᠷ ᠪᠠᠶᠢᠰᠢᠩ ᠤᠨ | ᠬᠥᠷᠥᠩᠭᠡ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠲᠠᠢ ᠠᠰᠠᠭᠤᠳᠠᠯ ᠢ ᠳᠥᠯᠭᠢᠨ ᠠᠬᠢᠭᠤᠯᠬᠤ ᠲᠥᠰᠦᠯ ᠢ ᠣᠯᠠᠨ ᠤᠳᠠᠭ᠎ᠠ ᠬᠠᠮᠲᠤᠪᠠᠷ ᠵᠥᠪᠳᠡᠯᠴᠡᠪᠡ᠂ | ᠨᠢᠭᠡᠨᠲᠡ ᠲᠤᠰᠢᠶᠠᠭᠰᠠᠨ ᠭᠠᠵᠠᠷ ᠰᠢᠷᠣᠶ ᠶᠢᠨ ᠬᠠᠶᠢᠨ ᠬᠡᠮᠵᠢᠯᠲᠡ ᠶᠢᠨ ᠵᠠᠷᠤᠳᠠᠯ ᠢ ᠰᠠᠭᠤᠭᠠᠯᠢ ᠠᠷᠠᠳ ᠲᠤ ᠪᠥᠬᠦ | ᠵᠣᠭᠤᠰ ᠢ ᠪᠤᠴᠠᠭᠠᠵᠤ ᠥᠭᠬᠦ ᠶᠢᠨ ᠠᠷᠭ᠎ᠠ ᠥᠬᠡᠶ ᠤᠴᠢᠷ ᠠᠴᠠ ᠣᠷᠣᠯᠠᠨ ᠭᠦᠢᠴᠡᠳᠭᠡᠬᠦ ᠥᠷᠲᠡᠭᠡ ᠠᠴᠠ ᠲᠤᠰᠬᠠᠶ | ᠲᠤᠰᠢᠶᠠᠯᠲᠤ ᠣᠷᠣᠯᠠᠨ ᠭᠦᠢᠴᠡᠳᠭᠡᠭᠴᠢ ᠶᠢ ᠳᠣᠭᠢᠷᠠᠭᠤᠯᠤᠨ ᠰᠠᠭᠤᠭᠠᠯᠢ ᠠᠷᠠᠳ ᠲᠤ ᠣᠳᠣᠬᠠᠨ ᠤ ᠲᠥᠷᠥ ᠶᠢᠨ | ᠪᠣᠳᠣᠯᠭ᠎ᠠ ᠶᠢ ᠲᠠᠶᠢᠯᠪᠤᠷᠢᠯᠠᠵᠤ ᠥᠭᠪᠡ᠃ ᠬᠡᠷᠡᠭ ᠡᠷᠬᠢᠯᠡᠬᠦ ᠭᠠᠵᠠᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ | ᠵᠠᠩ ᠷᠦᠢ ᠴᠢᠩ ᠡᠷᠬᠢᠯᠡᠭᠴᠢ ᠰᠠᠭᠤᠭᠠᠯᠢ ᠠᠷᠠᠳ ᠤᠨ ᠬᠡᠷ ᠲᠤ ᠬᠦᠷᠴᠦ᠂ ᠰᠠᠭᠤᠭᠠᠯᠢ ᠠᠷᠠᠳ ᠲᠤ ᠥᠪᠡᠷ ᠤᠨ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠬᠦᠷᠴᠦ ᠣᠶᠢᠯᠠᠭᠠᠭᠰᠠᠨ ᠪᠠᠶᠢᠳᠠᠯ ᠢᠶᠠᠨ ᠲᠠᠶᠢᠯᠪᠤᠷᠢᠯᠠᠨ ᠥᠭᠴᠦ᠂ | ᠣᠯᠠᠨ ᠲᠠᠯ᠎ᠠ ᠶᠢᠨ ᠬᠠᠮᠵᠢᠯᠴᠠᠭ᠎ᠠ ᠴᠢᠷᠮᠠᠶᠢᠯᠭ᠎ᠠ ᠪᠠᠷ ᠰᠠᠭᠤᠭᠠᠯᠢ ᠠᠷᠠᠳ ᠤᠨ ᠲᠤᠰᠬᠠᠭᠰᠠᠨ ᠠᠰᠠᠭᠤᠳᠠᠯ ᠢ ᠡᠷᠲᠡᠬᠡᠨ | ᠰᠢᠢᠳᠪᠦᠷᠢᠯᠡᠬᠦ ᠶᠢ ᠬᠦᠰᠡᠪᠡ᠃ | | | | | ᠰᠦᠢᠳᠭᠡᠯ ᠪᠤᠴᠠᠭᠠᠬᠤ ᠠᠵᠢᠯ ᠢ 2023 ᠣᠨ ᠤ 5 ᠰᠠᠷ᠎ᠠ ᠶᠢᠨ 26 ᠤ ᠡᠳᠦᠷ ᠠᠴᠠ ᠡᠬᠢᠯᠡᠨ ᠬᠢᠵᠦ᠂ | ᠰᠠᠭᠤᠭᠠᠯᠢ ᠠᠷᠠᠳ ᠵᠠᠯᠭᠠᠭ᠎ᠠ ᠪᠠᠷ ︽ᠨᠠᠨ ᠴᠠ ᠹᠠᠩ ᠤᠨ ᠰᠠᠭᠤᠭᠠᠯᠢ ᠠᠷᠠᠳ ᠭᠠᠵᠠᠷ ᠰᠢᠷᠣᠶ ᠶᠢᠨ ᠰᠢᠨᠵᠢ | ᠴᠢᠨᠠᠷ ᠤᠨ ᠬᠤᠪᠢᠷᠠᠯᠲᠠ ᠶᠢᠨ ᠵᠣᠭᠤᠰ ᠪᠤᠴᠠᠭᠠᠬᠤ ᠨᠡᠷ᠎ᠡ ᠶᠢᠨ ᠪᠦᠷᠢᠳᠬᠡᠯ ᠬᠢᠬᠦ ᠳᠤᠷ᠎ᠠ ᠥᠬᠡᠶ︾ ᠳᠡᠭᠡᠷ᠎ᠡ ᠭᠠᠷ ᠤᠨ | ᠥᠰᠥᠭ ᠵᠢᠷᠤᠭᠰᠠᠨ ᠪᠥᠭᠡᠳ ᠲᠣᠰ ᠡᠳᠦᠷ ᠠᠴᠠ ᠡᠬᠢᠯᠡᠨ ᠵᠣᠭᠤᠰ ᠪᠤᠴᠠᠭᠠᠬᠤ ᠶᠢ ᠬᠡᠷᠡᠭᠵᠢᠭᠦᠯᠪᠡ᠃ ᠣᠳᠣ | ᠪᠣᠯᠲᠠᠯ᠎ᠠ᠂ ᠪᠠᠷᠠᠭᠤᠨ ᠰᠠᠨ ᠯᠢ ᠶᠢᠩ ᠨᠡᠶᠢᠭᠡᠮ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ | ᠭᠦᠢᠴᠡᠳᠬᠡᠬᠦ ᠦᠢᠯᠡᠴᠢᠯᠡᠭᠡᠨ ᠤ ᠴᠡᠭ ᠨᠢᠭᠡᠨᠲᠡ 23 ᠰᠠᠭᠤᠭᠠᠯᠢ ᠠᠷᠠᠳ ᠢ ᠬᠠᠪᠰᠤᠷᠤᠨ ᠵᠣᠭᠤᠰ ᠪᠤᠴᠠᠭᠠᠬᠤ ᠭᠠᠷ | ᠭᠦᠢᠴᠡᠳᠬᠡᠯ ᠢ ᠬᠢᠵᠦ᠂ ᠰᠠᠭᠤᠭᠠᠯᠢ ᠠᠷᠠᠳ ᠤᠨ ᠬᠦᠰᠡᠨ ᠬᠦᠯᠢᠶᠡᠵᠦ ᠪᠠᠶᠢᠭᠰᠠᠨ ᠵᠣᠭᠤᠰ ᠪᠤᠴᠠᠭᠠᠬᠤ | ᠠᠰᠠᠭᠤᠳᠠᠯ ᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠳᠤ ᠵᠠᠯᠭᠠᠭ᠎ᠠ | ᠵᠠᠯᠭᠠᠭ᠎ᠠ ᠪᠠᠷ ᠲᠠᠯᠠᠷᠬᠠᠵᠤ ᠪᠠᠶᠢᠬᠤ ᠪᠠᠨ ᠢᠯᠡᠳᠬᠡᠪᠡ᠃ ᠳᠠᠷᠠᠭᠠᠴᠢ ᠶᠢᠨ ᠠᠯᠬᠤᠮ ᠳᠤ᠂ ᠪᠠᠷᠠᠭᠤᠨ ᠰᠠᠨ ᠯᠢ ᠶᠢᠩ | ᠨᠡᠶᠢᠭᠡᠮ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠡᠭ ᠤᠨ ᠬᠢᠨ | ᠨᠠᠨ ᠴᠠ ᠹᠠᠩ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠬᠤᠷᠢᠶᠠᠯᠠᠯ ᠤᠨ ᠬᠡᠷ ᠪᠠᠶᠢᠰᠢᠩ ᠤᠨ ᠭᠡᠷᠡᠴᠢ ᠶᠢ | ᠰᠢᠢᠳᠪᠦᠷᠢᠯᠡᠬᠦ ᠠᠰᠠᠭᠤᠳᠠᠯ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠬᠥᠳᠡᠯᠦᠯ ᠪᠠᠶᠢᠳᠠᠯ ᠢ | ᠦᠷᠭᠦᠯᠵᠢᠯᠡᠨ ᠠᠩᠬᠠᠷᠴᠤ᠂ ᠰᠠᠭᠤᠭᠠᠯᠢ ᠠᠷᠠᠳ ᠤᠨ ᠬᠡᠷ ᠪᠠᠶᠢᠰᠢᠩ ᠤᠨ ᠭᠡᠷᠡᠴᠢ ᠶᠢ ᠰᠢᠢᠳᠪᠦᠷᠢᠯᠡᠬᠦ ᠠᠷᠭ᠎ᠠ ᠵᠠᠮ ᠢ | ᠰᠢᠯᠤᠭᠤᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ | ᠤᠯᠠᠨ ᠲᠦᠮᠡᠨ ᠢ ᠳᠤᠲᠠᠭᠤ ᠭᠦᠶᠦᠯᠭᠡᠵᠦ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠵᠦᠢᠯ ᠢ ᠣᠨᠣᠪᠴᠢᠲᠠᠢ | ᠣᠷᠣᠯᠠᠨ ᠭᠦᠢᠴᠡᠳᠬᠡᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠰᠡᠳᠬᠢᠯ | ᠲᠠᠯᠪᠢᠨ ᠨᠡᠪᠲᠡᠷᠡᠭᠦᠯᠦᠨ᠎ᠡ᠃ | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | | |