ᠶᠡᠭᠡ ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠶᠢᠨ ᠬᠢᠨ ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠵᠦ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/9/14
     ᠴᠠᠬᠢᠯᠭᠠᠨ ᠬᠤᠯᠪᠤᠭᠠᠨ ᠤ ᠮᠡᠬᠡᠯᠡᠯ ᠭᠡᠳᠡᠭ ᠨᠢ ᠬᠠᠤᠯᠢ ᠪᠤᠰᠤ ᠡᠲᠡᠭᠡᠳ ᠳ᠋ᠢᠶᠠᠩᠬᠤᠸᠠ᠂ ᠰᠦᠯᠵᠢᠶ᠎ᠡ ᠪᠠ ᠣᠬᠤᠷ ᠴᠢᠮᠡᠭᠡᠨ ᠤ ᠠᠷᠭ᠎ᠠ ᠮᠠᠶ᠋ᠢᠭ ᠢᠶᠠᠷ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠵᠤ᠂ ᠮᠡᠬᠡᠯᠡᠯ ᠵᠣᠬᠢᠶᠠᠵᠤ᠂ ᠬᠤᠬᠢᠷᠠᠯ ᠠᠮᠰᠠᠭᠴᠢ ᠳᠤ ᠠᠯᠤᠰ ᠵᠠᠶ ᠶᠢᠨ᠂ ᠥᠯᠥ ᠬᠦᠷᠦᠯᠴᠡᠬᠦ ᠬᠡᠯᠪᠡᠷᠢ ᠶᠢᠨ ᠮᠡᠬᠡᠯᠡᠯ ᠶᠠᠪᠤᠭᠤᠯᠵᠤ᠂ ᠬᠤᠬᠢᠷᠠᠯ ᠠᠮᠰᠠᠭᠴᠢ ᠶᠢ ᠥᠳᠥᠭᠡᠨ ᠬᠠᠤᠯᠢ ᠪᠤᠰᠤ ᠡᠲᠡᠭᠡᠳ ᠲᠤ ᠵᠣᠭᠤᠰ ᠥᠭᠬᠦ ᠪᠤᠶᠤ ᠲᠠᠩᠰᠠ ᠰᠢᠯᠵᠢᠭᠦᠯᠬᠦ ᠶᠠᠯᠠᠲᠤ ᠠᠵᠢᠯᠯᠠᠭ᠎ᠠ ᠶᠢ ᠵᠢᠭᠠᠵᠤ ᠪᠠᠶᠢᠨ᠎ᠠ᠃ ︽ᠡᠴᠦᠰ ᠤᠨ ᠮᠥᠷᠥᠶ︾ ᠭᠡᠬᠦ ᠺᠢᠨᠣ᠋ ᠶᠢᠨ ᠬᠥᠭᠵᠢᠶᠡᠨᠲᠡᠶ ᠨᠡᠪᠲᠡᠷᠡᠭᠦᠯᠭᠡ ᠶᠢ ᠳᠠᠭᠠᠯᠳᠤᠨ᠂ ᠥᠷᠭᠡᠨ ᠣᠯᠠᠨ ᠰᠠᠭᠤᠭᠠᠯᠢ ᠠᠷᠠᠳ ᠤᠨ ᠠᠵᠤ ᠠᠬᠤᠶ ᠶᠢᠨ ᠮᠡᠬᠡᠯᠡᠯ ᠢ ᠬᠡᠷᠬᠢᠨ ᠰᠡᠷᠭᠡᠶᠢᠯᠡᠬᠦ ᠲᠤᠬᠠᠶ ᠠᠩᠬᠠᠷᠤᠯ ᠢ ᠲᠠᠲᠠᠪᠠ᠂ ᠡᠩ ᠤᠨ ᠬᠥᠮᠦᠰ ᠮᠥᠩᠭᠦᠨ ᠭᠦᠢᠯᠭᠡᠭᠡᠨ ᠤ ᠮᠡᠬᠡᠯᠡᠯ ᠤᠨ ᠡᠮᠦᠨ᠎ᠡ ᠬᠡᠷᠬᠢᠨ ᠰᠢᠢᠳᠪᠦᠷᠢᠯᠡᠪᠡᠯ ᠵᠣᠬᠢᠬᠤ ᠪᠣᠶ︖
     ᠣᠶᠢᠷ᠎ᠠ ᠳᠤ᠂ ᠶᠡᠭᠡ ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠠᠮᠲᠤᠷᠠᠨ ᠪᠠᠶᠢᠭᠤᠯᠤᠭᠰᠠᠨ ᠨᠢᠭᠡᠴᠡ ᠶᠢᠨ ᠵᠠᠮ ᠬᠠᠷᠢᠯᠴᠠᠭᠠᠨ ᠤ ᠪᠠᠩᠬᠢ ᠶᠢᠨ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠰᠠᠯᠪᠤᠷᠢ ᠪᠠᠩᠬᠢ ︽ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠵᠦ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠬᠦ︾ ᠮᠡᠬᠡᠯᠡᠯ ᠢ ᠰᠡᠷᠭᠡᠶᠢᠯᠡᠬᠦ ᠮᠡᠳᠡᠯᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠬᠠᠮᠲᠤ ᠪᠠᠷ ᠥᠷᠨᠢᠭᠦᠯᠵᠦ᠂ ᠲᠠᠶᠢᠯᠤᠮᠵᠢ ᠨᠢ ᠮᠥᠩᠭᠦᠨ ᠭᠦᠢᠯᠭᠡᠭᠡᠨ ᠤ ᠮᠡᠬᠡᠯᠡᠯ ᠤᠨ ᠬᠠᠮᠢᠶ᠎ᠠ ᠪᠥᠬᠦᠶ ᠬᠠᠯᠠᠮᠰᠢᠯ ᠴᠡᠭ ᠪᠠ ᠥᠷᠭᠡᠨ ᠣᠯᠠᠨ ᠰᠠᠭᠤᠭᠠᠯᠢ ᠠᠷᠠᠳ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠶᠠᠪᠤᠭᠳᠠᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠶᠡᠭᠡ ᠡᠮᠦᠨ᠎ᠡ ᠵᠡᠭᠡᠯᠢ ᠶᠢᠨ ᠵᠡᠭᠡᠯᠢ ᠭᠤᠲᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠠᠶᠢᠨ ᠳᠤᠷ᠎ᠠ ᠶᠢᠨ ᠠᠵᠢᠯᠯᠠᠭᠴᠢ᠂ ᠵᠠᠮ ᠬᠠᠷᠢᠯᠴᠠᠭᠠᠨ ᠤ ᠪᠠᠩᠬᠢ ᠶᠢᠨ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠰᠠᠯᠪᠤᠷᠢ ᠪᠠᠩᠬᠢ ᠶᠢᠨ ᠠᠵᠢᠯᠲᠠᠳ ᠦᠷᠭᠦᠯᠵᠢ ᠬᠡᠷᠡᠭᠯᠡᠳᠡᠭ ᠰᠡᠷᠭᠡᠶᠢᠯᠡᠬᠦ ᠤᠷ᠎ᠠ ᠳᠡᠮ ᠢ ᠨᠠᠷᠢᠨ ᠲᠠᠶᠢᠯᠪᠤᠷᠢᠯᠠᠵᠤ᠂ ᠪᠠᠩᠬᠢ ᠶᠢᠨ ᠺᠠᠷᠲ ᠤᠨ ᠠᠮᠤᠷ ᠲᠦᠪᠰᠢᠨ ᠢᠶᠠᠷ ᠺᠠᠷᠲ ᠬᠡᠷᠡᠭᠯᠡᠬᠦ ᠶᠡᠷᠦ ᠶᠢᠨ ᠮᠡᠳᠡᠯᠭᠡ ᠪᠠ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠵᠡᠷᠭᠡ ᠮᠡᠳᠡᠯᠭᠡ ᠶᠢ ᠭᠤᠣᠯᠳᠠᠯᠭ᠎ᠠ ᠲᠠᠢ ᠲᠦᠭᠡᠮᠡᠯᠵᠢᠭᠦᠯᠵᠦ᠂ ᠡᠭᠦᠨ ᠤ ᠬᠠᠮᠲᠤ ᠣᠶᠢᠷ᠎ᠠ ᠶᠢᠨ ᠬᠤᠭᠤᠴᠠᠭᠠᠨ ᠤ ᠮᠡᠬᠡᠯᠡᠭᠰᠡᠨ ᠬᠡᠷᠡᠭ ᠤᠨ ᠣᠳᠣᠬᠢ ᠪᠠᠶᠢᠳᠠᠯ᠂ ᠡᠯ᠎ᠡ ᠵᠦᠢᠯ ᠤᠨ ᠮᠡᠬᠡᠯᠡᠯ ᠤᠨ ᠣᠨᠴᠠᠯᠢᠭ᠂ ᠮᠡᠬᠡᠯᠡᠭᠳᠡᠭᠰᠡᠨ ᠰᠢᠯᠲᠠᠭᠠᠨ ᠵᠢᠴᠢ ᠰᠡᠷᠭᠡᠶᠢᠯᠡᠬᠦ ᠳᠤ ᠠᠩᠬᠠᠷᠬᠤ ᠵᠦᠢᠯ ᠵᠡᠷᠭᠡ ᠲᠠᠯ᠎ᠠ ᠪᠠᠷ ᠣᠯᠠᠨ ᠲᠦᠮᠡᠨ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠬᠠᠮᠤᠭ ᠤᠨ ᠰᠡᠭᠦᠯ ᠳᠤ᠂ ︽ᠠᠷᠪᠠᠨ ᠪᠦᠬᠦᠨ︾ ᠢᠶᠠᠷ ᠣᠯᠠᠨ ᠳᠤ ᠥᠪᠡᠷ ᠤᠨ ᠪᠠᠩᠬᠢ ᠶᠢᠨ ᠺᠠᠷᠲ᠂ ᠸᠢᠴᠠᠲ᠂ ᠲᠣᠭᠠᠴᠠᠭ᠎ᠠ ᠬᠢᠬᠦ ᠡᠷᠳᠡᠨᠢ ᠵᠡᠷᠭᠡ ᠲᠣᠭᠠᠴᠠᠭ᠎ᠠ ᠬᠢᠬᠦ ᠴᠢᠳᠠᠮᠵᠢ ᠲᠠᠢ ᠲᠠᠩᠰᠠᠨ ᠡᠷᠦᠬᠡ ᠪᠠᠨ ᠡᠷᠬᠡᠪᠰᠢ ᠬᠠᠤᠯᠢ ᠶᠣᠰᠣᠭᠠᠷ᠂ ᠵᠦᠶ ᠵᠣᠬᠢᠰᠲᠠᠶ ᠬᠡᠷᠡᠭᠯᠡᠬᠦ ᠶᠢ ᠰᠠᠨᠠᠭᠤᠯᠵᠤ᠂ ᠥᠴᠦᠬᠡᠨ ᠠᠰᠢᠭ ᠲᠤ ᠰᠢᠨᠤᠬᠤ ᠦᠭᠡᠢ ᠪᠠᠶᠢᠵᠤ᠂ ᠥᠪᠡᠷ ᠤᠨ ᠪᠠᠩᠬᠢ ᠶᠢᠨ ᠺᠠᠷᠲ᠂ ᠲᠣᠭᠠᠴᠠᠭᠠᠨ ᠤ ᠲᠠᠩᠰᠠ ᠵᠡᠷᠭᠡ ᠪᠠᠨ ᠲᠦᠷᠢᠶᠡᠰᠦᠯᠡᠭᠦᠯᠵᠦ᠂ ᠵᠢᠭᠡᠯᠡᠭᠦᠯᠵᠦ᠂ ᠬᠤᠳᠠᠯᠳᠤᠭᠠᠳ ᠡᠷᠭᠢᠭᠦᠯᠵᠦ ᠳᠡᠶᠢᠯᠦᠰᠢ ᠥᠬᠡᠶ ᠬᠠᠷᠠᠰᠠᠯᠲᠤ ᠦᠨ᠎ᠡ ᠥᠷᠲᠡᠭ ᠭᠠᠷᠭᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠡᠲᠡᠭᠡᠳ ᠤᠨ ︽ᠪᠠᠭᠠᠵᠢ ᠬᠡᠷᠡᠭᠯᠡᠭᠦᠷ︾ ᠪᠣᠯᠵᠣ᠂ ᠪᠤᠰᠤᠳ ᠤᠨ ᠡᠳ᠋ ᠬᠥᠷᠥᠩᠭᠡ ᠶᠢᠨ ᠠᠮᠤᠷ ᠲᠦᠪᠰᠢᠨ ᠢ ᠬᠤᠬᠢᠷᠠᠭᠤᠯᠬᠤ ᠪᠠᠷ ᠪᠠᠷᠠᠬᠤ ᠥᠬᠡᠶ ᠡᠴᠦᠰ ᠲᠡᠭᠡᠨ ᠥᠪᠡᠷ ᠢᠶᠠᠨ ᠴᠦ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠭᠦᠯᠵᠦ᠂ ᠣᠯᠵᠠ ᠨᠢ ᠭᠠᠷᠤᠵᠠ ᠳᠠᠭᠠᠨ ᠬᠥᠷᠬᠦ ᠥᠬᠡᠶ ᠪᠣᠯᠬᠤ ᠶᠤᠮ᠃      ᠲᠠᠶᠢᠯᠤᠮᠵᠢ ᠶᠢ ᠥᠷᠨᠢᠭᠦᠯᠬᠦ ᠶᠢᠨ ᠵᠡᠷᠭᠡ ᠳᠤ᠂ ᠲᠤᠬᠠᠶ ᠶᠢᠨ ᠲᠠᠯᠠᠪᠠᠶ ᠶᠢᠨ ᠠᠵᠢᠯᠲᠠᠳ ᠪᠠᠰᠠ ᠣᠯᠠᠨ ᠳᠤ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP ᠶᠢ ᠪᠠᠭᠤᠯᠭᠠᠨ ᠤᠭᠰᠠᠷᠠᠬᠤ ᠶᠢ ᠢᠳᠡᠪᠬᠢᠲᠡᠶ ᠰᠠᠨᠠᠭᠠᠴᠢᠯᠠᠵᠤ᠂ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠂ ᠲᠣᠰ ᠤᠳᠠᠭᠠᠨ ᠤ ᠲᠠᠶᠢᠯᠤᠮᠵᠢ ᠶᠢ ᠥᠷᠨᠢᠭᠦᠯᠦᠭᠰᠡᠨ ᠨᠢ ᠨᠡᠶᠢᠭᠡᠮ ᠤᠨ ᠲᠠᠯ᠎ᠠ ᠶᠢᠨ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠥᠷᠭᠡᠨ ᠣᠯᠠᠨ ᠲᠦᠮᠡᠨ ᠤ ᠮᠡᠬᠡᠯᠡᠯ ᠢ ᠡᠰᠡᠷᠭᠦᠴᠡᠬᠦ ᠤᠬᠠᠮᠰᠠᠷ ᠪᠠ ᠮᠡᠬᠡᠯᠡᠯ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠮᠡᠬᠡᠯᠡᠯ ᠢ ᠡᠰᠡᠷᠭᠦᠴᠡᠬᠦ ᠮᠡᠬᠡᠯᠡᠯ ᠢ ᠰᠡᠷᠭᠡᠶᠢᠯᠡᠬᠦ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠨᠡᠶᠢᠭᠡᠮ ᠤᠨ ᠰᠠᠶᠢᠨ ᠰᠠᠶᠢᠬᠠᠨ ᠡᠮᠬᠢ ᠵᠢᠷᠤᠮ ᠢ ᠬᠠᠮᠠᠭᠠᠯᠠᠭᠰᠠᠨ ᠪᠠᠶᠢᠨ᠎ᠠ᠃                    ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号