ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠤᠯᠠᠮᠵᠢᠯᠠᠵᠤ᠂ ᠨᠠᠮᠤᠷ ᠤᠨ ᠤᠯᠠᠷᠢᠯ ᠤᠨ | ᠴᠠᠭ ᠤᠯᠠᠷᠢᠯ ᠤᠨ ᠶᠡᠷᠦ ᠶᠢᠨ ᠮᠡᠳᠡᠯᠭᠡ ᠶᠢ ᠣᠶᠢᠯᠠᠭᠠᠵᠤ᠂ ᠴᠠᠭ ᠤᠯᠠᠷᠢᠯ ᠤᠨ ᠠᠭᠤᠯᠤᠭᠳᠠᠬᠤᠨ ᠪᠠ ᠷᠢᠳᠢ | ᠰᠢᠳᠢ ᠶᠢ ᠤᠶᠢᠯᠠᠭᠠᠵᠤ᠂ ᠬᠠᠷᠢᠶ᠎ᠠ ᠣᠷᠣᠨ ᠤ ᠪᠠᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠬᠠᠷᠢᠶ᠎ᠠ | ᠣᠷᠣᠨ ᠤ ᠪᠠᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ᠂ | ᠤᠢᠢᠷ᠎ᠠ ᠶᠢᠨ ᠡᠳᠦᠷ᠂ ᠪᠤᠳᠢ ᠰᠤᠪᠤᠷᠭ᠎ᠠ ᠶᠢᠨ ᠵᠡᠭᠦᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠦᠷᠳᠡᠭᠡ ᠢᠦᠢ ᠴᠢᠤᠸᠠᠨ ᠤ ᠯᠢᠩ ᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠲᠠᠢ | ᠬᠠᠮᠲᠤᠷᠠᠨ ︽ᠨᠠᠮᠤᠷ ᠤᠨ ᠤᠯᠠᠷᠢᠯ ᠲᠠᠢ ᠪᠣᠯᠵᠣᠶ᠎ᠠ︾ ᠭᠡᠬᠦ ᠡᠴᠢᠬᠡ ᠡᠬᠡ ᠦᠷ᠎ᠡ ᠬᠡᠥᠬᠡᠳ ᠤᠨ ᠭᠤᠣᠯ ᠰᠡᠳᠦᠪᠲᠦ | ᠠᠵᠢᠯᠯᠠᠭ᠎ᠠ ᠶᠢ ᠬᠠᠮᠲᠤᠪᠠᠷ ᠡᠷᠬᠢᠯᠡᠪᠡ᠃ | | | | | ᠥᠪᠡᠷᠮᠢᠴᠡ ᠬᠡᠯᠡᠯᠭᠡ ᠶᠢᠨ ᠲᠣᠭᠯᠠᠭᠠᠮ ᠢ ᠬᠠᠯᠠᠭᠤᠨ ᠢᠶᠠᠷ ᠡᠬᠢᠯᠡᠭᠦᠯᠵᠦ᠂ ᠭᠡᠷ ᠤᠨ ᠠᠬᠠᠮᠠᠳ ᠪᠠ ᠬᠡᠦᠬᠡᠳ | ᠮᠠᠰᠢ ᠲᠦᠷᠭᠡᠨ ᠢᠶᠠᠷ ᠬᠥᠳᠡᠯᠭᠡᠭᠡᠨ ᠤ ᠪᠠᠶᠢᠳᠠᠯ ᠳᠤ ᠣᠷᠣᠵᠤ᠂ ᠭᠡᠷ ᠤᠨ ᠠᠬᠠᠮᠠᠳ ᠤᠨ ᠬᠠᠪᠰᠤᠷᠤᠯᠭ᠎ᠠ ᠪᠠᠷ | ᠨᠠᠮᠤᠷ ᠤᠨ ᠲᠤᠬᠠᠶ ᠥᠪᠡᠷᠮᠢᠴᠡ ᠬᠡᠯᠡᠯᠭᠡ ᠬᠡᠦᠬᠡᠳ ᠤᠨ ᠠᠮᠠᠨ ᠠᠴᠠ ᠭᠠᠷᠴᠤ ᠢᠷᠡᠨ᠎ᠡ᠃ ᠥᠪᠡᠷᠮᠢᠴᠡ ᠬᠡᠯᠡᠯᠭᠡ ᠪᠠᠨ | ᠬᠡᠯᠡᠵᠦ ᠭᠠᠷᠭᠠᠭᠰᠠᠨ ᠦᠭᠡᠶ ᠬᠡᠥᠬᠡᠳ ᠵᠠᠯᠬᠠᠭᠠᠯ ᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠣᠯᠠᠨ ᠳᠤ | ᠡᠷᠲᠡᠨ ᠤ ᠰᠢᠯᠦᠭ ᠤᠨ ᠤᠷᠠᠨ ᠤᠩᠰᠢᠯᠭ᠎ᠠ ᠶᠢ ᠭᠤᠶᠢᠳᠠ ᠰᠠᠶᠢᠬᠠᠨ ᠦᠵᠡᠭᠦᠯᠦᠭᠰᠡᠨ ᠪᠠᠶᠢᠨ᠎ᠠ᠃ ᠬᠤᠶᠠᠳᠤᠭᠠᠷ | ᠭᠤᠭᠴᠤᠭ᠎ᠠ ᠳᠤ᠂ ︽ᠨᠠᠮᠤᠷ︾ ᠦᠰᠦᠭ ᠤᠨ ᠢᠷᠡᠯᠳᠡ ᠳᠤ᠂ ᠶᠠᠰᠤᠨ ᠪᠢᠴᠢᠭ ᠠᠴᠠ ᠬᠠᠪᠲᠠᠭᠠᠶ ᠪᠢᠴᠢᠯᠭᠡ᠂ | ᠲᠠᠲᠠᠯᠭᠠᠨ ᠦᠰᠦᠭ᠂ ᠬᠢᠴᠢᠶᠡᠩᠭᠦᠶ ᠦᠰᠦᠭ ᠲᠤ ᠬᠡᠷᠬᠢᠨ ᠤᠯᠠᠷᠢᠨ ᠬᠤᠪᠢᠰᠤᠭᠰᠠᠨ ᠢ ᠲᠣᠭᠠᠴᠢᠨ ᠶᠠᠷᠢᠵᠠᠶ᠃ | ᠭᠤᠷᠪᠠᠳᠤᠭᠠᠷ ᠭᠤᠭᠴᠤᠭ᠎ᠠ ᠳᠤ᠂ ᠬᠡᠤᠬᠡᠳ ᠪᠠ ᠬᠡᠷ ᠤᠨ ᠠᠬᠠᠮᠠᠳ ᠢ ︽ᠨᠠᠮᠤᠷ︾ ᠥᠰᠥᠭ ᠤᠨ ᠵᠢᠷᠤᠯᠭ᠎ᠠ ᠪᠠ | ᠪᠢᠴᠢᠯᠭᠡ ᠶᠢᠨ ᠳᠠᠷᠠᠭᠠᠯᠠᠯ ᠢ ᠪᠢᠴᠢᠭᠦᠯᠵᠦ᠂ ᠬᠡᠤᠬᠡᠳ ᠤᠨ ︽ᠨᠠᠮᠤᠷ︾ ᠥᠰᠥᠭ ᠤᠨ ᠡᠵᠡᠮᠳᠡᠯ ᠢ ᠪᠠᠲᠤᠳᠬᠠᠵᠠᠶ᠃ | ᠳᠥᠷᠪᠡᠳᠦᠭᠡᠷ ᠭᠤᠭᠴᠤᠭ᠎ᠠ ᠳᠤ᠂ ᠨᠠᠮᠤᠷ ᠤᠨ ᠠᠭᠤᠷ ᠣᠷᠣᠬᠤ ᠨᠢᠭᠤᠴᠠ᠂ ᠨᠠᠮᠤᠷ ᠤᠨ ᠠᠭᠤᠷ ᠣᠷᠣᠬᠤ ᠦᠶ᠎ᠡ ᠶᠢᠨ | ︽ᠰᠡᠷᠢᠭᠦᠨ ᠰᠠᠯᠬᠢ ᠰᠡᠩᠭᠢᠨᠡᠵᠦ᠂ ᠴᠠᠭᠠᠨ ᠰᠢᠭᠦᠳᠡᠷᠢ ᠪᠠᠭᠤᠵᠤ᠂ ᠵᠢᠷᠬᠢᠷ᠎ᠡ ᠶᠢᠨ ᠳᠠᠭᠤᠨ︾ ᠤ ᠲᠤᠬᠠᠢ ᠶᠠᠷᠢᠵᠤ᠂ | ᠬᠡᠤᠬᠡᠳ ᠤᠳ ᠤᠨ ᠪᠥᠬᠦ ᠠᠩᠬᠠᠷᠤᠯ ᠢ ᠲᠠᠲᠠᠵᠤ ᠪᠠᠶᠢᠯ᠎ᠠ᠃ ᠲᠠᠪᠤᠳᠤᠭᠠᠷ ᠭᠤᠭᠴᠤᠭ᠎ᠠ ᠳᠤ᠂ ᠬᠦᠲᠦᠯᠦᠯᠴᠡᠬᠦ | ᠬᠡᠯᠪᠡᠷᠢ ᠪᠠᠷ ᠳᠠᠮᠵᠢᠭᠤᠯᠤᠨ᠂ ᠬᠡᠤᠬᠡᠳ ᠤᠳ ᠢ ᠨᠠᠮᠤᠷ ᠤᠨ ᠠᠭᠤᠷ ᠤᠷᠤᠬᠤ ᠵᠠᠩᠰᠢᠯ ᠢ ᠤᠶᠢᠯᠠᠭᠠᠯᠠᠭᠤᠯᠪᠠ᠃ | ᠵᠢᠵᠢᠭ ᠦᠯᠢᠭᠡᠷ ᠤᠳ ᠢᠶᠠᠷ ᠨᠠᠮᠤᠷ ᠤᠨ ᠵᠠᠩ ᠳᠠᠳᠬᠠᠯ ᠢ ᠳᠦᠷᠰᠦᠯᠢᠭ ᠢᠶᠠᠷ ᠶᠠᠷᠢᠭᠰᠠᠨ ᠶᠤᠮ᠃ ᠡᠭᠦᠨ ᠤ ᠬᠠᠮᠲᠤ | ᠲᠦᠷᠭᠡᠨ ᠠᠰᠠᠭᠤᠵᠤ ᠲᠦᠷᠭᠡᠨ ᠬᠠᠷᠢᠭᠤᠯᠬᠤ ᠠᠷᠭ᠎ᠠ ᠪᠠᠷ ᠬᠡᠦᠬᠡᠳ ᠤᠳ ᠲᠤ ᠨᠠᠮᠤᠷ ᠤᠨ ᠬᠠᠮᠢᠶ᠎ᠠ ᠲᠠᠢ ᠮᠡᠳᠡᠯᠭᠡ ᠶᠢ | ᠪᠠᠲᠤ ᠡᠵᠡᠮᠰᠢᠭᠦᠯᠦᠭᠰᠡᠨ ᠪᠠᠶᠢᠨ᠎ᠠ᠃ ᠬᠠᠮᠤᠭ ᠰᠡᠭᠦᠯ ᠤᠨ ᠭᠤᠭᠴᠤᠭ᠎ᠠ ᠳᠤ ᠨᠠᠮᠤᠷ ᠤᠨ ᠬᠠᠳᠬᠤᠮᠠᠯ ᠤᠨ ᠭᠠᠷ | ᠤᠷᠠᠯᠠᠯ ᠢ ᠬᠢᠵᠦ᠂ ᠬᠡᠦᠬᠡᠳ ᠨᠢ ᠭᠡᠷ ᠤᠨ ᠠᠬᠠᠮᠠᠳ ᠲᠠᠢ ᠪᠠᠨ ᠬᠠᠮᠲᠤᠷᠠᠵᠤ᠂ ᠥᠪᠡᠷ ᠤᠨ ᠪᠦᠲᠦᠭᠡᠯ ᠢᠶᠠᠨ ᠰᠡᠳᠬᠢᠯ | ᠲᠠᠯᠪᠢᠨ ᠬᠠᠳᠬᠤᠨ᠎ᠠ᠃ | | | | | ᠥᠷᠯᠥᠭᠡ ᠶᠢᠨ 9 ᠴᠠᠭ ᠠᠴᠠ ᠡᠬᠢᠯᠡᠨ᠂ ᠬᠡᠦᠬᠡᠳ ᠤᠨ ᠪᠠᠶᠠᠷ ᠤᠨ ᠤᠷᠠᠨ ᠰᠠᠶᠢᠬᠠᠨ ᠤ ᠲᠣᠭᠯᠠᠯᠲᠠ | ᠡᠬᠢᠯᠡᠪᠡ᠃ ᠪᠢᠴᠢᠬᠠᠨ ᠨᠠᠶᠢᠵᠠ ᠨᠠᠷ ᠲᠠᠶᠢᠰᠠᠨ ᠳᠡᠭᠡᠷ᠎ᠡ ᠪᠥᠵᠢᠭ᠂ ᠳᠠᠭᠤᠤ᠂ ᠤᠷᠠᠨ ᠤᠩᠰᠢᠯᠭ᠎ᠠ ᠵᠡᠷᠭᠡ ᠶᠢ | ᠪᠠᠭᠲᠠᠭᠠᠭᠰᠠᠨ ᠡᠯ᠎ᠡ ᠵᠦᠢᠯ ᠤᠨ ᠭᠤᠶᠢᠳᠠ ᠰᠠᠶᠢᠬᠠᠨ ᠲᠣᠭᠯᠠᠯᠲᠠ ᠶᠢ ᠲᠣᠭᠯᠠᠪᠠ᠃ ᠲᠡᠳᠡᠨ ᠤ ᠲᠣᠭᠯᠠᠯᠲᠠ ᠨᠢ | ᠪᠠᠭᠰᠢ ᠪᠣᠯᠤᠨ ᠭᠡᠷ ᠤᠨ ᠠᠬᠠᠮᠠᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠤ᠂ ᠪᠢᠴᠢᠬᠠᠨ ᠨᠠᠶᠢᠵᠠ ᠨᠠᠷ ᠲᠤ | ᠪᠠᠶᠠᠷ ᠤᠨ ᠡᠳᠦᠷ ᠤᠨ ᠪᠠᠶᠠᠷ ᠪᠠᠭ᠋ᠠᠳᠤᠯ ᠤᠨ ᠠᠭᠤᠷ ᠠᠮᠢᠰᠬᠤᠯ ᠢ ᠮᠡᠳᠡᠷᠡᠭᠦᠯᠪᠡ᠃ | | | | | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠡᠤᠬᠡᠳ ᠲᠤ ᠨᠠᠮᠤᠷ ᠤᠨ | ᠪᠠᠶᠢᠭᠠᠯᠢ ᠶᠢᠨ ᠪᠠ ᠬᠥᠮᠦᠨ ᠰᠣᠶᠣᠯ ᠤᠨ ᠭᠤᠸ᠎ᠠ ᠰᠠᠶᠢᠬᠠᠨ ᠢ ᠣᠶᠢᠯᠠᠭᠠᠭᠤᠯᠤᠭᠰᠠᠨ ᠪᠠᠶᠢᠨ᠎ᠠ᠃ ᠭᠠᠷ ᠬᠥᠳᠡᠯᠬᠦ | ᠴᠢᠳᠠᠪᠤᠷᠢ ᠪᠠᠨ ᠪᠣᠯᠪᠠᠰᠤᠷᠠᠭᠤᠯᠵᠤ᠂ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠶᠢ ᠨᠡᠮᠡᠭᠳᠡᠭᠦᠯᠪᠡ᠃ ᠡᠨᠡ ᠨᠢ | ᠬᠡᠦᠬᠡᠳ ᠤᠨ ᠬᠠᠷᠠᠭ᠎ᠠ ᠶᠢ ᠥᠷᠭᠡᠳᠬᠡᠵᠦ᠂ ᠴᠠᠭ ᠤᠯᠠᠷᠢᠯ ᠤᠨ ᠳᠣᠲᠣᠭᠠᠳᠤ ᠠᠭᠤᠯᠬᠤᠨ ᠪᠠ ᠷᠢᠳᠢ ᠰᠢᠳᠢ ᠶᠢ | ᠮᠡᠳᠡᠷᠡᠭᠦᠯᠪᠡ᠃ | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |