ᠣᠶᠢᠷ᠎ᠠ ᠳᠤ᠂ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠲᠢᠶᠠᠨ ᠵᠢᠶᠤᠤ ᠨᠡᠶᠢᠭᠡᠮ ᠲᠣᠭᠤᠷᠢᠭ ᠤᠨ | ᠬᠢᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠦᠢᠯᠡᠴᠢᠯᠡᠭᠡᠨ ᠤ ᠴᠡᠭ ᠲᠤ᠄ ︽ᠲᠢᠶᠠᠨ ᠵᠢᠶᠤᠤ | ᠴᠡᠴᠡᠷᠯᠢᠭ ᠤᠨ F3 ᠳ᠋ᠤᠭᠠᠷ ᠠᠰᠠᠷ ᠬᠢᠭᠡᠳ F7 ᠳ᠋ᠤᠭᠠᠷ ᠠᠰᠠᠷ ᠤᠨ ᠬᠤᠭᠤᠷᠣᠨᠳᠣᠬᠢ ᠭᠠᠵᠠᠷ ᠤᠨ ᠪᠤᠯᠠᠭᠠᠷᠢ ᠶᠢ | ᠤᠤᠯ ᠤᠨ ᠪᠠᠶᠢᠷᠢ ᠠᠴᠠ ᠨᠢ ᠠᠷᠤᠨᠰᠢ ᠪᠠᠨ ᠠᠷᠪᠠᠨ ᠬᠡᠳᠦᠨ ᠮᠧᠲᠷ ᠰᠢᠯᠵᠢᠭᠦᠯᠦᠭᠰᠡᠨ ᠠᠴᠠ ᠴᠥᠭᠡᠨ ᠪᠤᠰᠤ | ᠥᠮᠴᠢᠲᠡᠨ ᠤ ᠥᠪᠡᠷ ᠤᠨ ᠮᠠᠰᠢᠨ ᠲᠡᠷᠭᠡ ᠨᠢ ᠲᠡᠷᠭᠡᠨ ᠬᠥᠮᠥᠷᠭᠡ ᠪᠠᠷ ᠬᠡᠪ ᠤᠨ ᠶᠣᠰᠣᠭᠠᠷ ᠣᠷᠣᠵᠤ ᠭᠠᠷᠴᠤ | ᠳᠡᠶᠢᠯᠬᠦ ᠥᠬᠡᠶ ᠪᠣᠯᠵᠣ᠂ ᠠᠳᠠᠯ ᠠᠬᠤᠶ ᠶᠢᠨ ᠭᠠᠵᠠᠷ ᠲᠤ ᠣᠯᠠᠨ ᠤᠳᠠᠭ᠎ᠠ ᠲᠤᠰᠬᠠᠭᠰᠠᠨ ᠪᠣᠯᠪᠠᠴᠤ ᠦᠷ᠎ᠡ ᠳ᠋ᠦᠩ | ᠭᠠᠷᠤᠭᠰᠠᠨ ᠥᠬᠡᠶ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠪᠢᠳᠡᠨ ᠤ ᠶᠠᠪᠤᠵᠤ ᠰᠠᠭᠤᠬᠤ ᠳᠤ ᠬᠦᠴᠢᠷ | ᠠᠰᠠᠭᠤᠳᠠᠯ ᠢ ᠲᠦᠷᠭᠡᠬᠡᠨ ᠰᠢᠢᠳᠪᠦᠷᠢᠯᠡᠵᠦ ᠥᠭᠬᠦ ᠶᠢ ᠬᠦᠰᠡᠵᠦ ᠪᠠᠶᠢᠨ᠎ᠠ︾ ᠭᠡᠰᠡᠨ ᠵᠠᠭᠠᠯᠳᠤᠯᠭ᠎ᠠ ᠶᠢᠨ ᠮᠡᠳᠡᠭᠡ | ᠣᠯᠵᠠᠶ᠃ ᠦᠢᠯᠡᠴᠢᠯᠡᠭᠡᠨ ᠤ ᠴᠡᠭ ᠤᠨ ᠣᠷᠣᠯᠠᠨ ᠭᠦᠢᠴᠡᠳᠭᠡᠭᠴᠢ ᠠᠴᠠ ᠬᠡᠷᠡᠭ ᠢ ᠭᠥᠯᠢᠶᠡᠨ ᠠᠪᠤᠭᠰᠠᠨ ᠤ | ᠳᠠᠷᠠᠭ᠎ᠠ᠂ ᠲᠡᠷᠡ ᠳᠠᠷᠤᠶ ᠳᠤᠨᠢ ᠭᠤᠮᠣᠳᠠᠯ ᠲᠣᠭᠠᠴᠢᠭᠴᠢ ᠲᠠᠢ ᠬᠠᠷᠢᠯᠴᠠᠵᠤ᠂ ᠲᠡᠳᠡᠨ ᠤ ᠭᠤᠮᠣᠳᠠᠯ | ᠲᠣᠭᠠᠴᠢᠯᠲᠠ ᠶᠢ ᠨᠠᠷᠢᠨ ᠣᠶᠢᠯᠠᠭᠠᠬᠤ ᠶᠢᠨ ᠬᠠᠮᠲᠤ ᠭᠠᠵᠠᠷ ᠤᠨ ᠪᠤᠯᠠᠭᠠᠷᠢ ᠶᠢᠨ ᠪᠠᠶᠢᠷᠢ ᠶᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠪᠠᠶᠢᠳᠠᠯ ᠤᠨ ᠦᠨᠡᠨ ᠪᠣᠳᠠᠲᠠᠶ ᠪᠠᠶᠢᠬᠤ ᠶᠢ ᠣᠯᠵᠤ ᠮᠡᠳᠡᠪᠡ᠃ | | | | | ᠠᠰᠠᠭᠤᠳᠠᠯ ᠢ ᠲᠦᠷᠭᠡᠬᠡᠨ ᠰᠢᠢᠳᠪᠦᠷᠢᠯᠡᠬᠦ ᠶᠢᠨ ᠲᠥᠯᠥᠭᠡ᠂ ᠲᠢᠶᠠᠨ ᠵᠢᠶᠤᠤ ᠨᠡᠶᠢᠭᠡᠮ ᠲᠣᠭᠤᠷᠢᠭ ᠴᠠᠭ | ᠲᠤᠬᠠᠶ ᠳᠤᠨᠢ ᠠᠳᠠᠯ ᠠᠬᠤᠶ ᠲᠠᠢ ᠬᠠᠷᠢᠯᠴᠠᠵᠤ ᠬᠠᠮᠲᠤ ᠪᠠᠷ ᠲᠤᠬᠠᠶ ᠶᠢᠨ ᠲᠠᠯᠠᠪᠤᠷ ᠲᠤ ᠬᠦᠷᠴᠦ ᠵᠥᠪᠳᠡᠯᠴᠡᠨ | ᠨᠡᠪᠲᠡᠷᠡᠯᠴᠡᠵᠦ᠂ ᠲᠣᠬᠢᠷᠠᠮᠵᠢᠲᠠᠶ ᠭᠠᠵᠠᠷ ᠤᠨ ᠪᠤᠯᠠᠭᠠᠷᠢ ᠶᠢᠨ ᠣᠷᠣᠨ ᠪᠠᠶᠢᠷᠢ ᠶᠢ ᠰᠤᠳᠤᠯᠤᠨ᠂ ᠰᠢᠢᠳᠪᠦᠷᠢᠯᠡᠬᠦ | ᠲᠥᠰᠦᠯ ᠭᠠᠷᠭᠠᠬᠤ ᠶᠢᠨ ᠬᠠᠮᠲᠤ ᠠᠳᠠᠯ ᠠᠬᠤᠶ ᠵᠢᠴᠢ ᠲᠡᠭᠦᠨ ᠤ ᠪᠠᠷᠢᠯᠭ᠎ᠠ ᠶᠢᠨ ᠡᠲᠡᠭᠡᠳ ᠢ ᠳᠠᠷᠤᠶ ᠲᠦᠷᠭᠡᠨ | ᠵᠣᠬᠢᠶᠠᠨ ᠪᠠᠶᠢᠭᠤᠯᠵᠤ ᠭᠠᠵᠠᠷ ᠤᠨ ᠪᠤᠯᠠᠭᠠᠷᠢ ᠶᠢᠨ ᠣᠷᠣᠨ ᠪᠠᠶᠢᠷᠢ ᠶᠢ ᠥᠭᠡᠷᠡᠴᠢᠯᠡᠪᠡ᠃ | | | | | ᠭᠠᠵᠠᠷ ᠤᠨ ᠪᠤᠯᠠᠭᠠᠷᠢ ᠶᠢᠨ ᠪᠠᠶᠢᠷᠢᠰᠢᠯ ᠢ ᠦᠳᠲᠡᠷ ᠲᠦᠷᠭᠡᠨ ᠥᠭᠡᠷᠡᠴᠢᠯᠡᠭᠰᠡᠨ ᠨᠢ ᠰᠠᠭᠤᠭᠠᠯᠢ ᠠᠷᠠᠳ ᠤᠨ | ᠰᠠᠶᠢᠨ ᠦᠨᠡᠯᠡᠯᠲᠡ ᠶᠢ ᠣᠯᠵᠤ᠂ ᠳᠠᠷᠠᠭᠠᠴᠢ ᠶᠢᠨ ᠠᠯᠬᠤᠮ ᠳᠤ᠂ ᠲᠢᠶᠠᠨ ᠵᠢᠶᠤᠤ ᠨᠡᠶᠢᠭᠡᠮ ᠲᠣᠭᠤᠷᠢᠭ ᠤᠨ ᠬᠢᠨ | ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠦᠷᠭᠦᠯᠵᠢᠯᠡᠨ ᠶᠡᠬᠡᠪᠡᠷ ᠠᠬᠢᠭᠤᠯᠵᠤ᠂ ᠪᠣᠳᠠᠲᠠᠢ | ᠠᠵᠢᠯ ᠤᠨ ᠦᠷ᠎ᠡ ᠪᠦᠲᠦᠮᠵᠢ ᠪᠠᠷ ᠢᠶᠠᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠵᠣᠷᠢᠭ | ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠴᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠷᠭ᠎ᠠ ᠵᠠᠮ ᠢ | ᠥᠷᠭᠡᠳᠬᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ | ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ | ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |