ᠣᠶᠢᠷ᠎ᠠ ᠳᠤ᠂ ᠰᠤᠷᠪᠤᠯᠵᠢᠯᠠᠭᠴᠢ ᠢᠦᠶ ᠴᠢᠤᠸᠠᠨ ᠲᠣᠭᠤᠷᠢᠭ ᠤᠨ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠳᠤ ᠬᠦᠷᠴᠦ ᠢᠷᠡᠬᠦ ᠳᠤ᠂ ᠡᠭᠦᠳᠡ ᠪᠠᠨ ᠨᠡᠭᠡᠭᠡᠮᠡᠭᠴᠡ | ᠠᠷᠪᠠ ᠭᠠᠷᠤᠶ ᠬᠥᠮᠦᠨ ᠮᠥᠷᠯᠡᠨ ᠵᠢᠭᠰᠠᠵᠤ ᠶᠡᠭᠡ ᠲᠢᠩᠬᠢᠮ ᠳᠤ ᠣᠷᠣᠪᠠ᠃ ᠠᠵᠢᠯᠲᠠᠨ ᠤ ᠵᠢᠯᠣᠭᠤᠳᠣᠯᠭ᠎ᠠ ᠳᠣᠣᠷ᠎ᠠ᠂ | ᠲᠡᠳᠡ ᠥᠪᠡᠷ ᠤᠨ ᠠᠰᠠᠭᠤᠳᠠᠯ ᠢᠶᠠᠨ ᠳᠡᠰ ᠳᠠᠷᠠᠭ᠎ᠠ ᠲᠠᠢ ᠪᠠᠷ ᠠᠰᠠᠭᠤᠨ ᠯᠠᠪᠯᠠᠵᠤ᠂ ᠬᠠᠤᠯᠢᠴᠢ ᠨᠠᠷ ᠰᠠᠭᠤᠭᠠᠯᠢ | ᠠᠷᠠᠳ ᠤᠨ ᠠᠰᠠᠭᠤᠳᠠᠯ ᠢ ᠬᠦᠯᠢᠴᠡᠩᠭᠦᠶ ᠪᠠᠷ ᠰᠣᠨᠣᠰᠴᠤ᠂ ᠲᠡᠳᠡᠨ ᠳᠤ ᠢᠳᠡᠪᠬᠢᠲᠡᠶ ᠪᠠᠷ ᠬᠠᠤᠯᠢ ᠴᠠᠭᠠᠵᠠ ᠶᠢᠨ | ᠵᠥᠪᠯᠡᠯᠭᠡ ᠪᠠ ᠰᠠᠨᠠᠭᠤᠯᠭ᠎ᠠ ᠬᠠᠩᠭᠠᠵᠤ ᠪᠠᠶᠢᠪᠠ᠃ | | | | | ᠠᠰᠠᠭᠤᠨ ᠯᠠᠪᠯᠠᠬᠤ ᠠᠵᠢᠯᠯᠠᠭ᠎ᠠ ᠶᠢᠨ ᠳᠤᠮᠳᠠ᠂ ᠬᠠᠤᠯᠢᠴᠢ ᠨᠠᠷ ᠰᠠᠭᠤᠭᠠᠯᠢ ᠠᠷᠠᠳ ᠤᠨ ᠳᠤᠷᠠᠳᠤᠭᠰᠠᠨ | ᠡᠯ᠎ᠡ ᠵᠦᠢᠯ ᠤᠨ ᠬᠠᠤᠯᠢ ᠴᠠᠭᠠᠵᠠ ᠶᠢᠨ ᠠᠰᠠᠭᠤᠳᠠᠯ᠂ ᠵᠢᠱᠢᠶᠡᠯᠡᠪᠡᠯ ᠬᠥᠳᠡᠯᠮᠦᠷᠢ ᠶᠢᠨ ᠵᠢᠭᠤᠷᠠᠯᠳᠤᠭᠠᠨ᠂ ᠤᠷᠤᠭ | ᠭᠡᠷ ᠪᠦᠯᠢ ᠶᠢᠨ ᠠᠰᠠᠭᠤᠳᠠᠯ᠂ ᠭᠡᠷ᠎ᠡ ᠶᠢᠨ ᠵᠢᠭᠤᠷᠠᠯᠳᠤᠭᠠᠨ ᠵᠡᠷᠭᠡ ᠳᠤ ᠴᠢᠭᠯᠡᠭᠦᠯᠦᠨ ᠨᠠᠷᠢᠨ ᠨᠢᠮᠪᠠᠶ ᠠᠰᠠᠭᠤᠨ | ᠯᠠᠪᠯᠠᠬᠤ ᠪᠠ ᠬᠠᠷᠢᠭᠤᠯᠲᠠ ᠥᠭᠪᠡ᠃ ᠲᠡᠳᠡ ᠰᠠᠭᠤᠭᠠᠯᠢ ᠠᠷᠠᠳ ᠲᠠᠢ ᠰᠠᠨᠠᠯ ᠢᠶᠠᠨ ᠰᠣᠯᠢᠯᠴᠠᠬᠤ ᠪᠠᠷ | ᠳᠠᠮᠵᠢᠭᠤᠯᠤᠨ᠂ ᠬᠡᠷᠡᠭ ᠤᠨ ᠪᠣᠳᠠᠲᠠᠶ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠪᠠ ᠪᠣᠳᠠᠲᠠᠶ ᠲᠤᠷᠰᠢᠯᠭ᠎ᠠ ᠶᠢ ᠦᠨᠳᠦᠰᠦᠯᠡᠨ᠂ ᠰᠠᠭᠤᠭᠠᠯᠢ ᠠᠷᠠᠳ ᠲᠤ ᠵᠦᠢ | ᠵᠣᠬᠢᠰᠲᠠᠶ ᠰᠢᠢᠳᠪᠦᠷᠢᠯᠡᠬᠦ ᠲᠥᠰᠦᠯ ᠢ ᠬᠠᠩᠭᠠᠪᠠ᠃ | | | | | ᠣᠶᠢᠯᠠᠭᠠᠭᠰᠠᠨ ᠢᠶᠠᠷ᠂ ᠢᠦᠶ ᠴᠢᠤᠸᠠᠨ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠳᠤ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠬᠠᠤᠯᠢ ᠴᠠᠭᠠᠵᠠ ᠶᠢᠨ | ᠲᠤᠰᠠᠯᠠᠮᠵᠢ ᠦᠵᠡᠭᠦᠯᠬᠦ᠂ ᠠᠷᠠᠳ ᠤᠨ ᠡᠶᠡᠳᠡᠭᠦᠯᠭᠡ ᠬᠢᠬᠦ᠂ ᠬᠠᠤᠯᠢᠴᠢ ᠶᠢ ᠣᠷᠣᠯᠠᠨ ᠭᠦᠢᠴᠡᠳᠭᠡᠬᠦ᠂ ᠠᠯᠪᠠᠨ | ᠭᠡᠷᠡᠴᠢᠯᠡᠭᠡ ᠬᠢᠯᠭᠡᠬᠦ ᠵᠡᠷᠭᠡ 5 ᠴᠣᠩᠬᠤ ᠭᠠᠷᠭᠠᠭᠰᠠᠨ ᠪᠥᠭᠡᠳ ᠪᠠᠰᠠ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ | ᠬᠢᠬᠦ᠂ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠡᠷᠭᠡ | ᠲᠠᠨᠢᠯᠴᠠᠭᠤᠯᠭ᠎ᠠ ᠶᠢᠨ ᠲᠤᠰᠠᠯᠠᠬᠤ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ | ᠰᠠᠭᠤᠭᠠᠯᠢ ᠠᠷᠠᠳ ᠪᠠᠰᠠ ︽ᠢᠦᠶ ᠴᠢᠤᠸᠠᠨ ᠲᠣᠭᠤᠷᠢᠭ ᠤᠨ ᠠᠯᠠᠭᠠᠨ ᠳᠡᠭᠡᠷᠡᠬᠢ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠲᠠᠪᠴᠠᠩ︾ ᠭᠡᠬᠦ ᠸᠢᠴᠠᠲ ᠤᠨ ᠵᠢᠵᠢᠭ ᠫᠷᠤᠭ᠍ᠷᠠᠮ ᠪᠠ ︽148︾ ᠬᠠᠯᠠᠮᠰᠢᠯ | ᠤᠲᠠᠰᠤ ᠪᠠᠷ ᠬᠡᠷ ᠲᠡᠭᠡᠨ ᠰᠠᠭᠤᠵᠤ ᠬᠠᠤᠯᠢ ᠴᠠᠭᠠᠵᠠ ᠶᠢᠨ ᠯᠠᠪᠯᠠᠯᠲᠠ ᠬᠢᠵᠦ ᠪᠣᠯᠤᠨ᠎ᠠ᠃ ᠲᠥᠪ ᠢ ᠪᠠᠶᠢᠭᠤᠯᠤᠭᠰᠠᠨ | ᠪᠠ ᠠᠵᠢᠯᠳᠠᠨ ᠤ ᠲᠤᠰᠬᠠᠶᠢᠵᠢᠭᠰᠠᠨ ᠦᠢᠯᠡᠴᠢᠯᠡᠭᠡ ᠨᠢ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ | ᠠᠰᠠᠭᠤᠳᠠᠯ ᠢ ᠲᠦᠷᠭᠡᠨ ᠰᠢᠢᠳᠪᠦᠷᠢᠯᠡᠬᠦ᠂ ᠳᠥᠭᠦᠮ ᠳᠥᠲᠡ ᠠᠷᠭ᠎ᠠ ᠵᠠᠮ ᠢ ᠬᠠᠩᠭᠠᠵᠤ᠂ ᠪᠦᠲᠦᠮᠵᠢᠲᠡᠶ | ᠪᠠᠲᠤᠯᠠᠭ᠎ᠠ ᠲᠠᠢ ᠪᠣᠯᠭᠠᠪᠠ᠃ | ᠣᠳᠣᠬᠠᠨ ᠳᠤ᠂ ᠢᠦᠶ ᠴᠢᠤᠸᠠᠨ ᠲᠣᠭᠤᠷᠢᠭ ᠲᠤ ᠨᠢᠭᠡᠨᠲᠡ ᠲᠣᠭᠤᠷᠢᠭ ᠤᠨ ᠲᠠᠰ ᠤᠨ ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ 1᠂ ᠵᠡᠭᠡᠯᠢ ᠪᠠᠯᠭᠠᠰᠤᠨ ᠤ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠥᠷᠲᠡᠭᠡ 9᠂ ᠨᠡᠶᠢᠭᠡᠮ ᠲᠣᠭᠤᠷᠢᠭ᠂ ᠲᠣᠰᠬᠤᠨ ᠤ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠠᠵᠢᠯᠯᠠᠬᠤ ᠲᠠᠰᠤᠭ 113 ᠪᠠᠶᠢᠭᠤᠯᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠪᠣᠳᠠᠲᠤ ᠴᠣᠭᠴᠠ ᠶᠢᠨ ᠲᠠᠪᠴᠠᠩ ᠢ ᠪᠦᠬᠦᠨ ᠢ ᠬᠠᠮᠤᠷᠬᠤ ᠶᠢ ᠦᠨᠳᠦᠰᠦᠨ ᠳᠡᠭᠡᠨ | ᠪᠡᠶᠡᠯᠡᠭᠦᠯᠪᠡ᠃ | ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠬᠢᠨ ᠦᠨᠳᠦᠰᠦᠨ ᠱᠠᠲᠤᠨ ᠤ ᠠᠷᠠᠳᠴᠢᠯᠠᠯ | ᠬᠠᠤᠯᠢᠵᠢᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠠᠤᠯᠢ | ᠴᠠᠭᠠᠵᠠ ᠶᠢᠨ ᠦᠢᠯᠡᠴᠢᠯᠡᠭᠡ ᠬᠠᠩᠭᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠴᠢᠷᠮᠠᠶᠢᠨ ᠳᠡᠭᠡᠭᠰᠢᠯᠡᠭᠦᠯᠦᠨ᠎ᠡ᠃ | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |