ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠲᠠ ᠶᠢᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠦᠯᠦᠭᠡ᠂ ᠢᠦᠶ ᠴᠢᠤᠸᠠᠨ ᠲᠣᠭᠤᠷᠢᠭ ᠤᠨ ᠭᠠᠯ | ᠤᠨᠲᠠᠷᠠᠭᠠᠨ ᠠᠪᠤᠷᠠᠨ ᠲᠤᠰᠠᠯᠠᠬᠤ ᠶᠡᠭᠡ ᠠᠩᠭᠢ ᠦᠳᠲᠡᠷ ᠲᠦᠷᠭᠡᠨ ᠬᠥᠳᠡᠯᠦᠯᠴᠡᠵᠦ᠂ ᠰᠢᠲᠠᠮᠠᠬᠠᠶ ᠬᠡᠶ ᠶᠢᠨ ᠠᠮᠤᠷ | ᠲᠦᠪᠰᠢᠨ ᠢ ᠵᠢᠭᠰᠠᠭᠠᠨ ᠪᠠᠶᠢᠴᠠᠭᠠᠬᠤ ᠪᠠ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠤᠷᠢᠶᠠᠯᠠᠯ ᠤᠨ | ᠭᠠᠯ ᠤᠨ ᠭᠠᠮᠰᠢᠭ ᠤᠨ ᠳᠠᠯᠳᠠ ᠬᠡᠮ ᠢ ᠠᠷᠢᠯᠭᠠᠬᠤ᠂ ︽ᠠᠮᠢ ᠨᠠᠰᠤᠨ ᠤ ᠨᠡᠪᠲᠡᠷᠡᠬᠦ ᠵᠠᠮ︾ ᠢ ᠨᠡᠪᠲᠡᠷᠡᠭᠦᠯᠬᠦ᠂ ᠭᠠᠯ | ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ᠂ ᠭᠠᠯ ᠤᠨᠲᠠᠷᠠᠭᠠᠬᠤ ᠰᠠᠶᠢᠨ ᠳᠤᠷ᠎ᠠ ᠶᠢᠨ | ᠦᠢᠯᠡᠴᠢᠯᠡᠭᠡ᠂ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ ᠰᠠᠶᠢᠵᠢᠷᠠᠭᠤᠯᠬᠤ ᠳᠤ ᠬᠦᠴᠦ ᠨᠡᠮᠡᠷᠢᠯᠡᠬᠦ | ᠵᠡᠷᠭᠡ ᠭᠤᠤᠯᠳᠠᠯᠭ᠎ᠠ ᠲᠠᠢ ᠠᠵᠢᠯ ᠢ ᠦᠷᠭᠦᠯᠵᠢᠯᠡᠨ ᠥᠷᠨᠢᠭᠦᠯᠵᠦ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ | ᠲᠦᠪᠰᠢᠨ ᠤ ᠰᠡᠭᠦᠯ ᠤᠨ ᠬᠡᠰᠡᠭ ᠢ ᠵᠠᠰᠠᠬᠤ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠪᠥᠬᠦ | ᠲᠤᠭᠤᠷᠢᠭ ᠤᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠠᠮᠠᠭᠠᠯᠠᠨ᠎ᠠ᠃ | | | | | ᠪᠠᠶᠢᠴᠠᠭᠠᠬᠤ ᠶᠠᠪᠤᠴᠠ ᠳᠤ᠂ ᠶᠡᠭᠡ ᠠᠩᠭᠢ ᠶᠢᠨ ᠬᠢᠨᠠᠯᠲᠠ ᠲᠠᠯᠪᠢᠭᠴᠢ ᠡᠩ ᠲᠡᠷᠢᠭᠦᠨ ᠳᠤ ᠠᠳᠠᠯ ᠠᠬᠤᠶ ᠶᠢᠨ | ᠬᠠᠷᠢᠭᠤᠴᠠᠯᠭᠠᠲᠠᠨ ᠤ ᠬᠤᠷᠢᠶᠠᠯᠠᠯ ᠤᠨ ᠦᠨᠳᠦᠰᠦᠨ ᠮᠡᠳᠡᠭᠡ ᠵᠠᠩᠭᠢ ᠪᠠ ᠭᠠᠯ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠲᠠᠨᠢᠯᠴᠠᠭᠤᠯᠬᠤ ᠶᠢ ᠰᠣᠨᠣᠰᠪᠠ᠃ | ᠳᠠᠷᠠᠭ᠎ᠠ ᠨᠢ᠂ ᠬᠠᠷᠢᠭᠤᠴᠠᠯᠭᠠᠲᠠᠨ ᠤ ᠪᠠᠷ᠎ᠠ ᠪᠣᠯᠣᠯᠭ᠎ᠠ ᠲᠠᠢ ᠪᠠᠷ ᠭᠤᠤᠯᠳᠠᠭᠤ ᠰᠠᠭᠤᠭᠠᠯᠢ ᠠᠷᠠᠳ ᠤᠨ | ᠬᠤᠷᠢᠶᠠᠯᠠᠯ ᠤᠨ ᠭᠠᠯ ᠤᠨᠲᠠᠷᠠᠭᠠᠬᠤ ᠲᠥᠬᠦᠭᠡᠷᠦᠮᠵᠢ ᠂ ᠪᠠᠭᠠᠵᠢ ᠬᠡᠷᠡᠭᠰᠡᠯ ᠨᠢ ᠪᠦᠷᠢᠨ ᠪᠦᠲᠦᠨ ᠪᠥᠭᠡᠳ | ᠪᠦᠲᠦᠮᠵᠢᠲᠡᠶ ᠪᠠᠶᠢᠬᠤ ᠡᠰᠡᠬᠦ᠂ ᠭᠠᠯ ᠤᠨᠲᠠᠷᠠᠭᠠᠬᠤ ᠡᠵᠡᠮᠳᠡᠯ ᠤᠨ ᠲᠠᠰᠤᠭ ᠤᠨ ᠵᠢᠵᠢᠭᠦᠷᠯᠡᠭᠴᠢ ᠦᠨᠡᠮᠯᠡᠯ ᠲᠠᠢ ᠪᠠᠷ | ᠠᠵᠢᠯ ᠤᠨ ᠪᠠᠶᠢᠷᠢ ᠳᠤ ᠭᠠᠷᠤᠭᠰᠠᠨ ᠡᠰᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ | ᠲᠣᠳᠣᠷᠬᠠᠶᠢᠯᠠᠭᠰᠠᠨ ᠡᠰᠡᠬᠦ᠂ ᠭᠠᠯ ᠤᠨᠲᠠᠷᠠᠭᠠᠵᠤ ᠪᠠᠶᠢᠴᠠᠭᠠᠨ ᠲᠣᠭᠤᠷᠢᠨ ᠪᠠᠶᠢᠴᠠᠭᠠᠬᠤ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠦᠭᠰᠡᠨ ᠡᠰᠡᠬᠦ᠂ ᠤᠯᠠᠨ ᠨᠡᠶᠢᠲᠡ ᠶᠢᠨ ᠣᠷᠣᠨ ᠪᠦᠰᠡ ᠶᠢᠨ ᠴᠠᠬᠢᠯᠭᠠᠨ ᠤ ᠱᠤᠭᠤᠮ | ᠬᠠᠭᠤᠴᠢᠷᠬᠠᠰᠠᠨ ᠪᠤᠶᠤ ᠳᠠᠭᠠᠭᠠᠴᠠ ᠠᠴᠠ ᠬᠡᠲᠦᠷᠡᠲᠡᠯ᠎ᠡ ᠠᠵᠢᠯᠯᠠᠭᠰᠠᠨ ᠡᠰᠡᠬᠦ᠂ ᠨᠡᠪᠲᠡᠷᠡᠬᠦ ᠵᠠᠮ ᠢ ᠲᠠᠷᠬᠠᠭᠠᠬᠤ᠂ | ᠠᠶᠤᠯᠭᠦᠢ ᠭᠠᠷᠬᠤ ᠵᠠᠮ ᠰᠠᠭᠠᠳ ᠥᠭᠡᠢ ᠨᠡᠪᠲᠡᠷᠡᠭᠰᠡᠨ ᠡᠰᠡᠬᠦ ᠵᠡᠷᠭᠡ ᠲᠠᠯ᠎ᠠ ᠪᠠᠷ ᠪᠥᠬᠦ ᠲᠠᠯ᠎ᠠ ᠶᠢᠨ ᠪᠠᠶᠢᠴᠠᠭᠠᠯᠲᠠ | ᠬᠢᠪᠡ᠃ ᠪᠠᠶᠢᠴᠠᠭᠠᠬᠤ ᠠᠵᠢᠯᠲᠠᠳ ᠪᠠᠰᠠ ᠭᠠᠯ ᠤᠨ ᠠᠶᠤᠯ ᠤᠨ ᠲᠦᠭᠰᠢᠭᠦᠷᠢ ᠮᠡᠳᠡᠭᠡᠯᠡᠬᠦ ᠠᠦ᠋ᠲ᠋ᠣ᠋ ᠰᠢᠰᠲ᠋ᠧᠮ᠂ ᠭᠠᠯ | ᠤᠨᠲᠠᠷᠠᠭᠠᠬᠤ ᠤᠰᠤᠨ ᠬᠥᠭᠡᠷᠭᠡ᠂ ᠬᠡᠷ ᠳᠣᠲᠣᠷᠠᠬᠢ ᠭᠠᠯ ᠤᠨᠲᠠᠷᠠᠭᠠᠭᠤᠷ ᠵᠡᠷᠭᠡ ᠲᠥᠬᠦᠭᠡᠷᠦᠮᠵᠢ ᠶᠢ ᠬᠡᠪ ᠢᠶᠠᠷ | ᠠᠵᠢᠯᠯᠠᠭᠤᠯᠵᠤ ᠳᠡᠶᠢᠯᠬᠦ ᠡᠰᠡᠬᠦ ᠪᠠ ᠬᠤᠷᠢᠶᠠᠯᠠᠯ ᠤᠨ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠵᠦ | ᠳᠡᠶᠢᠯᠬᠦ ᠡᠰᠡᠬᠦ ᠵᠡᠷᠭᠡ ᠬᠤᠯᠪᠣᠭᠳᠠᠯ ᠪᠥᠬᠦᠶ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ | | | | | ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠶᠡᠭᠡ ᠠᠩᠭᠢ ᠶᠢᠨ ᠬᠢᠨᠠᠭᠴᠢ ᠠᠴᠠ ᠢᠯᠡᠷᠡᠭᠦᠯᠦᠭᠰᠡᠨ | ᠠᠰᠠᠭᠤᠳᠠᠯ ᠳᠤ ᠴᠢᠭᠯᠡᠭᠦᠯᠦᠨ᠂ ᠣᠷᠣᠨ ᠰᠠᠭᠤᠴᠠ ᠶᠢᠨ ᠬᠤᠷᠢᠶᠠᠯᠠᠯ ᠤᠨ ᠭᠠᠯ ᠤᠨ ᠭᠠᠮᠰᠢᠭ ᠤᠨ ᠬᠡᠷᠡᠭ ᠤᠨ | ᠵᠢᠱᠢᠶ᠎ᠡ ᠲᠠᠢ ᠤᠶᠠᠯᠳᠤᠭᠤᠯᠤᠨ᠂ ᠠᠮᠢᠳᠤᠷᠠᠯ ᠤᠨ ᠳᠤᠮᠳᠠ ᠠᠮᠠᠷᠬᠠᠨ ᠣᠮᠲᠣᠭᠠᠶᠢᠯᠠᠭᠳᠠᠬᠤ ᠭᠠᠯ ᠤᠨ ᠭᠠᠮᠰᠢᠭ ᠤᠨ | ᠳᠠᠯᠳᠠ ᠭᠡᠮ ᠢ ᠵᠠᠳᠠᠯᠵᠤ᠂ ᠭᠠᠯ ᠤᠨᠲᠠᠷᠠᠭᠠᠬᠤ ᠦᠨᠳᠦᠰᠦᠨ ᠣᠨᠣᠯ ᠤᠨ ᠮᠡᠳᠡᠯᠭᠡ ᠶᠢᠨ ᠲᠠᠶᠢᠯᠤᠮᠵᠢ ᠠᠴᠠ ᠭᠠᠷᠳᠠᠵᠤ᠂ | ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠠᠳᠠᠯ ᠠᠬᠤᠶ ᠶᠢᠨ ᠠᠵᠢᠯᠲᠠᠨ ᠵᠢᠴᠢ ᠰᠠᠭᠤᠭᠠᠯᠢ ᠠᠷᠠᠳ ᠲᠤ ᠭᠠᠯ ᠤᠨ | ᠭᠠᠮᠰᠢᠭ ᠤᠨ ᠮᠡᠳᠡᠭᠡ ᠶᠢ ᠬᠡᠷᠬᠢᠨ ᠮᠡᠳᠡᠭᠦᠯᠬᠦ᠂ ᠭᠠᠯ ᠭᠠᠷᠤᠭᠰᠠᠨ ᠭᠠᠵᠠᠷ ᠤᠨ ᠠᠮᠢ ᠵᠢᠭᠤᠲᠠᠵᠤ ᠥᠪᠡᠷ ᠢ ᠪᠠᠨ | ᠠᠪᠤᠷᠠᠬᠤ᠂ ᠠᠩᠬᠠᠨ ᠤ ᠦᠶ᠎ᠡ ᠶᠢᠨ ᠭᠠᠯ ᠤᠨᠲᠠᠷᠠᠭᠠᠬᠤ᠂ ᠭᠠᠯ ᠤᠨᠲᠠᠷᠠᠭᠠᠭᠤᠷ ᠤᠨ ᠲᠥᠷᠥᠯ ᠵᠦᠢᠯ ᠵᠢᠴᠢ | ᠲᠡᠭᠦᠨ ᠢ ᠬᠡᠷᠡᠭᠯᠡᠬᠦ ᠠᠷᠭ᠎ᠠ᠂ ᠭᠠᠯ ᠤᠨᠲᠠᠷᠠᠭᠠᠭᠤᠷ ᠤᠨ ᠠᠵᠢᠯᠯᠠᠬᠤ ᠲᠦᠷᠢᠮ᠂ ᠠᠶᠤᠯᠭᠦᠢ ᠭᠠᠷᠬᠤ ᠵᠠᠮ ᠤᠨ ᠲᠡᠮᠳᠡᠭ᠂ | ᠲᠠᠷᠬᠠᠭᠠᠬᠤ ᠵᠢᠭᠠᠯᠲᠠ ᠲᠡᠮᠳᠡᠭ ᠵᠢᠴᠢ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ ᠳ᠋ᠧᠩ ᠤᠨ | ᠥᠪᠡᠷ ᠢ ᠪᠠᠨ ᠪᠠᠶᠢᠴᠠᠭᠠᠬᠤ ᠠᠷᠭ᠎ᠠ ᠵᠡᠷᠭᠡ ᠬᠠᠮᠢᠶ᠎ᠠ ᠪᠥᠬᠦᠶ ᠮᠡᠳᠡᠯᠭᠡ ᠶᠢ ᠨᠠᠷᠢᠨ ᠲᠠᠶᠢᠯᠪᠤᠷᠢᠯᠠᠨ ᠦᠭᠬᠦ ᠶᠢᠨ ᠬᠠᠮᠲᠤ | ᠠᠳᠠᠯ ᠠᠬᠤᠶ ᠶᠢᠨ ᠬᠠᠷᠢᠭᠤᠴᠠᠯᠭᠠᠲᠠᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠦᠷᠢᠮ ᠪᠣᠯᠤᠨ ᠭᠠᠯ ᠤᠨᠲᠠᠷᠠᠭᠠᠵᠤ ᠠᠪᠤᠷᠠᠨ | ᠲᠤᠰᠠᠯᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠤᠬᠠᠭᠤᠯᠭ᠎ᠠ ᠶᠢᠨ ᠮᠡᠳᠡᠭᠳᠡᠯ | ᠲᠠᠷᠬᠠᠭᠠᠵᠤ᠂ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠵᠡᠷᠭᠡ ᠠᠵᠢᠯ ᠢ ᠴᠢᠩᠭᠠᠳᠬᠠᠵᠤ᠂ ᠭᠠᠯ ᠤᠨᠲᠠᠷᠠᠭᠠᠬᠤ | ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠦ ᠰᠠᠨᠠᠭᠤᠯᠪᠠ᠃ | | | | | ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ | ᠶᠡᠭᠡ ᠠᠩᠬᠢ ᠶᠢᠨ ᠬᠢᠨ ᠠᠵᠢᠯ ᠤᠨ ᠠᠷᠭ᠎ᠠ ᠬᠢᠳᠡᠯ ᠢᠶᠠᠨ ᠨᠠᠷᠢᠨ ᠬᠢᠨᠠᠮᠠᠭᠠᠢ ᠳ᠋ᠦᠩᠨᠡᠵᠦ᠂ ᠲᠤᠷᠰᠢᠯᠭ᠎ᠠ ᠶᠢᠨ | ᠵᠠᠭᠪᠤᠷ ᠢᠶᠠᠨ ᠲᠣᠭᠲᠠᠪᠤᠷᠢᠵᠢᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠭᠠᠯ ᠤᠨᠲᠠᠷᠠᠭᠠᠬᠤ ᠠᠮᠤᠷ | ᠲᠦᠪᠰᠢᠨ ᠤ ᠴᠢᠳᠠᠪᠤᠷᠢ ᠪᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠤᠳᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠬᠠᠷᠢᠶ᠎ᠠ ᠣᠷᠣᠨ ᠤ ᠠᠵᠤ | ᠠᠬᠤᠢ ᠶᠢᠨ ᠬᠥᠭᠵᠢᠯᠲᠡ ᠪᠦᠳᠦᠬᠡᠨ ᠪᠠᠶᠢᠭᠤᠯᠤᠯᠲᠠ ᠪᠣᠯᠤᠨ ᠠᠷᠠᠳ ᠤᠯᠠᠨ ᠤ ᠠᠮᠢ ᠨᠠᠰᠤ᠂ ᠡᠳ᠋ ᠬᠦᠷᠦᠩᠬᠡ ᠶᠢᠨ | ᠠᠮᠤᠷ ᠲᠦᠪᠰᠢᠨ ᠢ ᠦᠷᠭᠦᠯᠵᠢᠯᠡᠨ ᠰᠠᠬᠢᠨ ᠬᠠᠮᠠᠭᠠᠯᠠᠨ᠎ᠠ᠃ | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |