ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠤ ᠢᠦᠶ ᠴᠢᠤᠸᠠᠨ ᠲᠣᠭᠤᠷᠢᠭ ᠤᠨ ᠬᠢᠨ ᠡᠯᠪᠡᠭ ᠪᠠᠶᠠᠯᠢᠭ ᠣᠯᠠᠨ ᠡᠰᠢᠲᠦ ᠪᠠᠶᠠᠷ ᠤᠨ ᠡᠳᠦᠷ ᠤᠨ ᠠᠵᠢᠯᠯᠠᠭ᠎ᠠ ᠶᠢᠨ ᠬᠢᠯᠠᠰ ᠴᠡᠭ ᠢ ᠴᠤᠭᠴᠠᠯᠠᠨ ᠪᠠᠶᠢᠭᠤᠯᠪᠠ
ᠨᠡᠶᠢᠲᠡᠯᠡᠭᠰᠡᠨ ᠴᠠᠭ᠄
2023/9/26
     2023 ᠣᠨ ᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠪᠣᠯᠬᠤ ᠭᠡᠵᠦ ᠪᠠᠶᠢᠭ᠎ᠠ ᠦᠶ᠎ᠡ ᠳᠤ᠂ ᠢᠦᠢ ᠴᠢᠤᠸᠠᠨ ᠲᠣᠭᠤᠷᠢᠭ ᠤᠨ ᠬᠢᠨ ᠡᠯᠪᠡᠭ ᠪᠠᠶᠠᠯᠢᠭ ᠰᠣᠶᠣᠯ  ᠵᠢᠭᠤᠯᠴᠢᠯᠠᠯ ᠤᠨ ᠡᠬᠢ ᠪᠠᠶᠠᠯᠢᠭ ᠪᠣᠯᠤᠨ ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠳᠤ ᠲᠦᠰᠢᠭᠯᠡᠨ᠂ ᠴᠢᠨᠠᠷ ᠴᠢᠨᠰᠠᠭ᠎ᠠ ᠪᠠᠷ ᠬᠤᠳᠠ ᠶᠢᠨ ᠠᠷᠠᠳ ᠵᠤᠭᠠᠴᠠᠭᠰᠠᠳ ᠤᠨ ᠬᠡᠷᠡᠭᠴᠡᠭᠡ ᠶᠢ ᠬᠠᠩᠭᠠᠵᠤ᠂ ᠤᠷᠤᠰᠬᠠᠯ ᠤᠨ ᠬᠡᠮᠵᠢᠶ᠎ᠡ ᠪᠠᠷ ᠬᠤᠳᠠ ᠶᠢᠨ ᠬᠡᠷᠡᠭᠯᠡᠭᠡ ᠶᠢ ᠠᠬᠢᠭᠤᠯᠵᠤ᠂ ᠪᠠᠶᠠᠷ ᠪᠠᠶᠠᠰᠬᠤᠯᠠᠩᠲᠤ ᠰᠣᠶᠣᠯ ᠵᠢᠭᠤᠯᠴᠢᠯᠠᠯ ᠢᠶᠠᠷ ᠬᠤᠳᠠ ᠳᠤ ᠰᠠᠶᠢᠨ ᠰᠠᠶᠢᠬᠠᠨ ᠢ ᠣᠯᠭᠤᠵᠤ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠭᠤᠷᠪᠠᠨ ᠶᠡᠭᠡ ᠬᠢᠯᠠᠰ ᠴᠡᠭ ᠤᠨ ᠠᠵᠢᠯᠯᠠᠭ᠎ᠠ᠂ 37 ᠵᠦᠢᠯ ᠤᠨ ᠰᠣᠶᠣᠯ ᠵᠢᠭᠤᠯᠴᠢᠯᠠᠯ ᠤᠨ ᠪᠠᠶᠠᠷ ᠤᠨ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠵᠦ ᠪᠠᠶᠢᠨ᠎ᠠ᠃      ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠪᠠᠶᠠᠷ ᠳᠤᠷᠠᠰᠬᠠᠯ ᠢ ᠪᠡᠯᠭᠡᠯᠡᠬᠦ ᠠᠵᠢᠯᠯᠠᠭ᠎ᠠ ᠶᠢᠨ ᠨᠢᠭᠡᠳᠦᠭᠡᠷ ᠬᠢᠯᠠᠰ ᠴᠡᠭ᠄ ︽ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠢᠶᠠᠷ ᠰᠣᠶᠣᠯ ᠤᠨ ᠳᠤᠷᠠᠰᠤᠮᠵᠢ ᠶᠢ ᠰᠡᠷᠭᠦᠭᠡᠬᠦ︾ ᠪᠠᠷ ᠭᠤᠤᠯ ᠰᠡᠳᠦᠪ ᠪᠣᠯᠭᠠᠵᠤ᠂ ︽ᠬᠠᠭᠤᠴᠢᠨ ᠨᠠᠷᠠᠲᠤ︾ ᠥᠪᠡᠷᠮᠢᠴᠡ ᠣᠨᠴᠠᠯᠢᠭ ᠲᠠᠢ ᠢᠳᠡᠭᠡᠨ ᠤᠮᠳᠠᠭᠠᠨ ᠤ ᠨᠠᠷᠠᠲᠤ ᠲᠥᠷᠥᠯ ᠲᠡᠮᠳᠡᠭᠲᠦ ᠶᠢ ᠡᠭᠦᠳᠬᠦ ᠪᠠᠷ ᠭᠤᠤᠯᠳᠠᠯᠭ᠎ᠠ ᠪᠣᠯᠭᠠᠨ᠂ 9 ᠰᠠᠷ᠎ᠠ ᠶᠢᠨ 26 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ ᠳ᠋ᠠ ᠱᠧᠩ ᠺᠦᠶ ᠮᠦᠽᠧᠶ ᠶᠢᠨ ᠪᠦᠯᠦᠭᠯᠡᠯ ᠳᠤ ᠳᠣᠯᠣᠳᠤᠭᠠᠷ ᠬᠤᠭᠤᠴᠠᠭᠠᠨ ᠤ ᠱᠤᠤᠮᠠᠢ ᠠᠮᠲᠠᠲᠤ ᠢᠳᠡᠭᠡᠨ ᠤ ᠰᠣᠶᠣᠯ ᠤᠨ ᠪᠦᠲᠦᠭᠡᠯᠴᠢ ᠲᠥᠰᠦᠪᠯᠡᠯ ᠤᠨ ᠦᠵᠡᠭᠦᠯᠦᠯᠭᠡ ᠶᠢᠨ ᠤᠷᠤᠯᠳᠤᠭᠠᠨ ᠢ ᠡᠷᠬᠢᠯᠡᠨ᠎ᠡ᠃      ᠬᠤᠶᠠᠳᠤᠭᠠᠷ ᠭᠢᠯᠠᠰ ᠴᠡᠭ᠄ ︽ᠬᠥᠮᠦᠨ ᠨᠢ ᠦᠵᠡᠮᠵᠢ ᠶᠢᠨ ᠳᠤᠮᠳᠠ᠂ ᠦᠵᠡᠮᠵᠢ ᠨᠢ ᠵᠦᠴᠦᠭᠡ ᠶᠢᠨ ᠳᠤᠮᠳᠠ︾ ᠭᠡᠬᠦ ᠬᠡᠯᠪᠡᠷᠢ ᠪᠠᠷ 9 ᠰᠠᠷ᠎ᠠ ᠶᠢᠨ 29 ᠤ ᠡᠳᠦᠷ ᠠᠴᠠ 10 ᠰᠠᠷ᠎ᠠ ᠶᠢᠨ 4 ᠤ ᠡᠳᠦᠷ ᠪᠣᠯᠲᠠᠯ᠎ᠠ ᠪᠣᠭᠤᠮᠲᠠ ᠶᠢᠨ ᠬᠠᠭᠤᠴᠢᠨ ᠵᠡᠭᠡᠯᠢ᠂ ᠶᠡᠭᠡ ᠵᠣᠣ ᠲᠠᠯᠠᠪᠠᠶ ᠳᠤ ︽ᠵᠣᠣ ᠵᠢᠶᠦ᠋ᠨ ᠤᠷᠤᠭ ᠪᠤᠯᠤᠯᠴᠠᠨ ᠡᠪᠰᠡᠬᠦ︾ ᠵᠡᠭᠡᠯᠢ ᠶᠢᠨ ᠦᠵᠡᠮᠵᠢ ᠶᠢᠨ ᠲᠣᠭᠯᠠᠯᠲᠠ ᠶᠢ ᠲᠣᠭᠯᠠᠵᠤ᠂ ︽ᠨᠤᠲᠤᠭ ᠤᠰᠤ ᠠᠭᠤᠰᠤᠯᠴᠠᠵᠤ᠂ ᠪᠤᠭᠤᠮᠲᠠ ᠶᠢᠨ ᠭᠠᠳᠠᠨᠠᠬᠢ ᠲᠠᠭᠤᠨ ᠢ ᠳᠠᠮᠵᠢᠭᠤᠯᠬᠤ︾ ︽ᠵᠣᠣ ᠵᠢᠶᠦ᠋ᠨ ᠬᠠᠨᠴᠤᠶ ᠪᠥᠵᠢᠭᠯᠡᠨ᠂ ᠠᠷᠠᠳ ᠢᠷᠭᠡᠳ ᠲᠠᠢ ᠬᠠᠮᠲᠤ ᠪᠠᠷ ᠴᠡᠩᠭᠡᠯᠳᠦᠮᠦᠶ︾ ︽ᠤᠷᠤᠭ ᠪᠤᠯᠤᠯᠴᠠᠨ ᠡᠪᠰᠡᠬᠦ ᠶᠡᠭᠡ ᠶᠣᠰᠣᠯᠠᠯ᠂ ᠡᠶ᠎ᠡ ᠡᠪᠲᠡᠢ ᠨᠠᠶᠢᠷᠠᠯᠳᠤᠮᠤᠶ︾ ᠭᠡᠬᠦ ᠭᠤᠷᠪᠠᠨ ᠲᠣᠮᠣ ᠵᠦᠴᠦᠭᠡ ᠶᠢᠨ ᠬᠥᠰᠢᠭᠡ ᠪᠠᠷ ᠳᠠᠮᠵᠢᠭᠤᠯᠤᠨ᠂ ᠵᠣᠣ ᠵᠢᠶᠦ᠋ᠨ ᠤ ᠪᠣᠭᠤᠮᠲᠠ ᠠᠴᠠ ᠭᠠᠷᠤᠭᠰᠠᠨ ᠰᠡᠳᠬᠢᠯ ᠬᠥᠳᠡᠯᠭᠡᠮ᠎ᠡ ᠦᠯᠢᠭᠡᠷ ᠢ ᠳᠠᠬᠢᠨ ᠰᠠᠨᠠᠭᠠᠯᠵᠠᠨ᠎ᠠ᠃      ᠭᠤᠷᠪᠠᠳᠤᠭᠠᠷ ᠭᠢᠯᠠᠰ ᠴᠡᠭ᠄ ᠬᠤᠲᠠ ᠶᠢᠨ ᠠᠷᠠᠳ ᠵᠤᠭᠠᠴᠠᠭᠰᠠᠳ ᠤᠨ ᠣᠯᠠᠨ ᠡᠰᠢᠲᠦ ᠬᠡᠷᠡᠭᠴᠡᠭᠡ ᠶᠢ ᠲᠠᠰᠤᠷᠠᠯᠲᠠ ᠦᠭᠡᠶ ᠬᠠᠩᠭᠠᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠦᠷᠭᠦᠯᠵᠢᠯᠡᠨ ᠬᠥᠭᠵᠢᠭᠦᠯᠬᠦ ᠶᠢᠨ ᠲᠥᠯᠥᠭᠡ᠂ ︽ᠬᠤᠶᠠᠷ ᠪᠠᠶᠠᠷ︾ ᠤᠨ ᠬᠤᠭᠤᠴᠠᠭᠠᠨ ᠳᠤ ᠵᠠᠯᠠᠭᠤ ᠨᠠᠰᠤᠨ ᠤ ᠤᠷᠤᠰᠬᠠᠯ᠂ ᠰᠣᠨᠢᠨ ᠰᠡᠪᠡᠭᠦᠨ ᠰᠣᠨᠢᠷᠬᠠᠯ᠂ ᠠᠶᠠᠲᠠᠶᠢᠬᠠᠨ ᠵᠤᠭᠠᠴᠠᠯ ᠤᠨ ᠬᠡᠯᠪᠡᠷᠢ ᠶᠢᠨ ᠲᠣᠭᠤᠷᠢᠨ ᠳᠤ᠂ ︽ᠬᠤᠲᠠ ᠶᠢᠨ ᠬᠠᠶᠢᠷ᠎ᠠ︾ ᠭᠡᠬᠦ ᠭᠤᠣᠯ ᠰᠡᠳᠦᠪ ᠢᠶᠠᠷ ᠬᠤᠲᠠ ᠶᠢᠨ ᠵᠢᠭᠤᠯᠴᠢᠯᠠᠯ ᠤᠨ ᠲᠥᠯᠥᠪᠯᠡᠭᠡ ᠶᠢ ᠨᠡᠶᠢᠲᠡᠯᠡᠵᠦ᠂ ᠪᠦᠬᠦ ᠬᠤᠲᠠ ᠶᠢᠨ ᠭᠤᠣᠯᠳᠠᠯᠭ᠎ᠠ ᠲᠠᠢ᠂ ᠭᠢᠯᠠᠰ ᠴᠡᠭ᠂ ᠣᠨᠴᠠᠯᠢᠭ ᠲᠠᠢ ᠰᠣᠶᠣᠯ ᠵᠢᠭᠤᠯᠴᠢᠯᠠᠯ ᠤᠨ ᠡᠷᠳᠡᠨᠢᠰ ᠤᠨ ᠰᠠᠩ ᠤᠨ ᠰᠤᠳᠤᠨ ᠭᠠᠵᠠᠷ ᠲᠠᠢ ᠬᠤᠯᠪᠣᠭ᠎ᠠ ᠠᠪᠴᠤ᠂ ᠬᠤᠲᠠ ᠶᠢᠨ ᠠᠷᠠᠳ ᠵᠤᠭᠠᠴᠠᠭᠰᠠᠳ ᠲᠤ ᠬᠤᠲᠠ ᠶᠢᠨ ᠵᠢᠭᠤᠯᠴᠢᠯᠠᠯ ᠤᠨ ᠬᠠᠪᠤ ᠴᠡᠩᠭᠡᠯ ᠢ ᠡᠳ᠋ᠯᠡᠭᠦᠯᠦᠨ᠎ᠡ᠃      ᠰᠣᠶᠣᠯ ᠵᠢᠭᠤᠯᠴᠢᠯᠠᠯ ᠤᠨ ᠪᠠᠶᠠᠷ ᠳᠤᠷᠠᠰᠬᠠᠯ ᠤᠨ ᠪᠤᠰᠤᠳ ᠠᠵᠢᠯᠯᠠᠭ᠎ᠠ᠄ ᠶᠡᠭᠡ ᠲᠦᠷᠭᠡᠨ ᠭᠤᠣᠯ ᠤᠨ ᠤᠢ ᠶᠢᠨ ᠬᠤᠷᠮᠣᠢ ᠶᠢᠨ ᠤᠷᠤᠨ ᠵᠠᠢ᠂ ᠭᠡᠷ ᠲᠡᠷᠭᠡᠨ ᠤ ᠪᠠᠭᠤᠴᠠ᠂ ᠳ᠋ᠠ ᠱᠧᠩ ᠺᠦᠢ ᠮᠦᠽᠧᠢ ᠶᠢᠨ ᠪᠦᠯᠦᠭᠯᠡᠯ᠂ ᠵᠤᠤ ᠵᠢᠶᠦ᠋ᠨ ᠮᠦᠽᠧᠢ ᠶᠢᠨ ᠬᠦᠷᠢᠶᠡᠯᠡᠩ᠂ ᠳᠤᠮᠳᠠᠳᠤ ᠤᠯᠤᠰ ᠤᠨ ᠱᠤᠤᠮᠠᠢ ᠢᠳᠡᠭᠡᠨ ᠤᠮᠳᠠᠭᠠᠨ ᠤ ᠵᠡᠭᠡᠯᠢ᠂ ᠪᠤᠭᠤᠮᠲᠠ ᠶᠢᠨ ᠬᠠᠭᠤᠴᠢᠨ ᠵᠡᠭᠡᠯᠢ ᠶᠢᠨ ᠬᠡᠰᠡᠭ ᠵᠡᠷᠭᠡ 10 ᠭᠠᠷᠤᠢ ᠲᠠᠯᠠᠪᠤᠷ ᠲᠤ ︽ᠬᠤᠶᠠᠷ ᠪᠠᠶᠠᠷ︾ ᠤᠨ ᠬᠤᠭᠤᠴᠠᠭᠠᠨ ᠳᠠᠬᠢ ᠵᠢᠭᠤᠯᠴᠢᠯᠠᠯ᠂ ᠲᠣᠭᠯᠠᠯᠲᠠ᠂ ᠪᠡᠶ᠎ᠡ ᠶᠢᠨ ᠲᠠᠮᠢᠷ᠂ ᠰᠣᠶᠣᠯ᠂ ᠺᠢᠨᠣ᠋ ᠵᠡᠷᠭᠡ ᠲᠤᠯᠤᠭᠠᠨ ᠲᠤᠮᠤ ᠬᠡᠰᠡᠭ ᠤᠨ 37 ᠵᠦᠢᠯ ᠤᠨ ᠠᠭᠤᠯᠭ᠎ᠠ ᠶᠢ ᠪᠡᠯᠡᠳᠬᠡᠵᠦ᠂ ᠡᠯᠪᠡᠭ ᠪᠠᠶᠠᠯᠢᠭ ᠤᠯᠠᠨ ᠡᠰᠢᠲᠦ ᠪᠠᠶᠠᠷ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠶᠢ ᠴᠣᠭᠴᠠᠯᠠᠨ᠎ᠠ᠃      ᠬᠤᠳᠠᠯᠳᠤᠭᠠᠨ ᠤ ᠬᠡᠲᠦ ᠳᠡᠯᠭᠡᠭᠦᠷ ᠤᠨ ᠪᠣᠷᠣᠯᠠᠭᠤᠯᠤᠯᠲᠠ ᠶᠢ ᠠᠬᠢᠭᠤᠯᠬᠤ᠂ ᠬᠤᠯᠪᠣᠭᠠᠯᠠᠨ ᠬᠥᠳᠡᠯᠦᠯᠴᠡᠵᠦ ᠬᠤᠳᠠᠯᠳᠤᠨ ᠠᠪᠬᠤ ᠳᠤ ᠠᠰᠢᠭ ᠬᠦᠷᠲᠡᠭᠡᠬᠦ ᠠᠵᠢᠯᠯᠠᠭ᠎ᠠ᠄ ᠢᠦᠶ ᠴᠢᠤᠸᠠᠨ ᠲᠣᠭᠤᠷᠢᠭ ᠤᠨ ᠬᠢᠨ ᠡᠯ᠎ᠡ ᠲᠣᠮᠣ ᠬᠤᠳᠠᠯᠳᠤᠭᠠᠨ ᠤ ᠬᠡᠲᠦ ᠳᠡᠯᠭᠡᠭᠦᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠷᠠᠳ ᠲᠤ ᠠᠰᠢᠭ ᠬᠦᠷᠲᠡᠭᠡᠬᠦ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠵᠣᠷᠢᠭᠵᠢᠭᠤᠯᠵᠤ᠂ ︽ᠬᠤᠶᠠᠷ ᠪᠠᠶᠠᠷ︾ ᠤᠨ ᠬᠤᠭᠤᠴᠠᠭᠠᠨ ᠳᠤ ᠲᠠᠪᠤᠨ ᠲᠣᠮᠣ ᠬᠤᠳᠠᠯᠳᠤᠭᠠᠨ ᠤ ᠬᠡᠲᠦ ᠳᠡᠯᠭᠡᠭᠦᠷ ᠢᠶᠠᠷ ᠭᠤᠤᠯᠯᠠᠭᠤᠯᠤᠭᠰᠠᠨ᠂ ᠣᠯᠠᠨ ᠬᠤᠳᠠᠯᠳᠤᠭᠠᠨ ᠤ ᠳᠡᠯᠭᠡᠭᠦᠷ ᠬᠤᠯᠪᠣᠭᠠᠯᠠᠨ ᠬᠥᠳᠡᠯᠦᠯᠴᠡᠭᠰᠡᠨ ᠬᠠᠷᠠᠭᠠᠯᠵᠠᠯ ᠳᠠᠪᠬᠤᠴᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ      
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号