1 — 8 ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠪᠡ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7. | 9% ᠪᠠᠷ ᠨᠡᠮᠡᠭᠳᠡᠪᠡ᠃ | ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ 1 — 8 | ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 10 ᠠᠵᠢᠯ | ᠲᠥᠷᠥᠯ ᠤᠨ ᠶᠡᠭᠡ ᠲᠥᠷᠥᠯ᠂ 7 ᠠᠵᠢᠯ ᠲᠥᠷᠥᠯ ᠤᠨ ᠵᠢᠩᠬᠢᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ | ᠬᠡᠪᠴᠢᠶ᠎ᠡ ᠨᠢ 70% ᠳᠤ ᠬᠥᠷᠪᠡ᠃ ᠡᠭᠦᠨ ᠳᠤ ᠨᠠᠪᠴᠢᠨ ᠲᠠᠮᠠᠬᠢᠨ ᠤ ᠪᠦᠲᠦᠭᠡᠭᠳᠡᠬᠦᠨ ᠤ ᠦᠢᠯᠡᠰ ᠠᠳᠠᠯᠢ | ᠬᠤᠭᠤᠴᠠᠭᠠᠨ ᠤ ᠬᠢ ᠠᠴᠠ 2.8% ᠪᠠᠷ ᠨᠡᠮᠡᠭᠳᠡᠵᠦ᠂ ᠢᠳᠡᠭᠡᠨ ᠦᠢᠯᠡᠳᠬᠦ ᠦᠢᠯᠡᠰ ᠠᠳᠠᠯᠢ | ᠬᠤᠭᠤᠴᠠᠭᠠᠨ ᠤ ᠬᠢ ᠠᠴᠠ 6.4% ᠪᠠᠷ ᠨᠡᠮᠡᠭᠳᠡᠵᠦ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ | ᠪᠦᠲᠦᠭᠡᠭᠳᠡᠬᠦᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 32.3% ᠪᠠᠷ ᠪᠠᠭᠤᠷᠠᠵᠤ᠂ ᠴᠠᠬᠢᠯᠭᠠᠨ | ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ | ᠬᠤᠭᠤᠴᠠᠭᠠᠨ ᠤ ᠬᠢ ᠠᠴᠠ 6.0% ᠪᠠᠷ ᠪᠠᠭᠤᠷᠠᠵᠤ᠂ ᠴᠠᠬᠢᠯᠭᠠᠨ ᠤ ᠮᠠᠰᠢᠨ ᠪᠠ ᠪᠠᠭᠠᠵᠢ ᠬᠡᠷᠡᠭᠰᠡᠯ ᠦᠢᠯᠡᠳᠬᠦ | ᠦᠢᠯᠡᠰ ᠠᠳᠠᠯᠢ ᠬᠤᠭᠤᠴᠠᠭᠠᠨ ᠤ ᠬᠢ ᠠᠴᠠ 1.2% ᠢᠶᠠᠷ ᠪᠠᠭᠤᠷᠠᠵᠤ᠂ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠵᠦ᠂ ᠨᠡᠶᠢᠳᠡᠮ ᠬᠡᠷᠡᠭᠯᠡᠭᠡᠨ ᠤ | ᠲᠥᠬᠦᠭᠡᠷᠦᠮᠵᠢ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠵᠦ᠂ ᠡᠮ | ᠡᠮᠨᠡᠯᠭᠡ ᠶᠢᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 0.1% ᠪᠠᠷ ᠨᠡᠮᠡᠭᠳᠡᠵᠦ᠂ ᠨᠡᠬᠡᠮᠡᠯ | ᠬᠤᠪᠴᠠᠰᠤ᠂ ᠬᠤᠪᠴᠠᠰᠤ ᠵᠠᠰᠠᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 1.8% ᠪᠠᠷ ᠨᠡᠮᠡᠭᠳᠡᠵᠦ᠂ | ᠲᠡᠮᠦᠷᠯᠢᠭ ᠪᠤᠰᠤ ᠠᠭᠤᠷᠬᠠᠶ ᠶᠢᠨ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 33.5% ᠪᠠᠷ | ᠨᠡᠮᠡᠭᠳᠡᠪᠡ᠃ | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | |