ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠭᠤᠯᠠᠨ ᠬᠡᠷ ᠤᠨ ᠢᠳᠡᠭᠡᠨ ᠤᠮᠳᠠᠭᠠᠨ ᠤ ᠪᠠᠷᠢᠮᠵᠢᠶᠠᠲᠤ ᠬᠡᠮᠵᠢᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/9/27
     ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠦᠯᠵᠢᠶᠡᠨ ᠤ ᠢᠷᠭᠡᠳ ᠤᠨ ᠬᠤᠭᠤᠯᠠᠨ ᠬᠡᠷ ᠤᠨ ᠢᠳᠡᠭᠡᠨ ᠤᠮᠳᠠᠭᠠᠨ ᠳᠤ ︽ᠵᠢᠩ ᠯᠠᠩ ᠳᠤᠲᠠᠬᠤ︾ ᠦᠵᠡᠭᠳᠡᠯ ᠣᠷᠣᠰᠢᠵᠤ ᠪᠠᠶᠢᠨ᠎ᠠ ᠭᠡᠵᠦ ᠲᠤᠰᠬᠠᠭᠰᠠᠨ ᠪᠠᠶᠢᠳᠠᠯ ᠢ ᠣᠯᠵᠤ ᠮᠡᠳᠡᠭᠡᠳ᠂ ᠬᠠᠤᠯᠢ ᠬᠡᠷᠡᠭᠵᠢᠭᠦᠯᠦᠭᠴᠢᠳ ᠢ ᠦᠳᠲᠡᠷ ᠲᠦᠷᠭᠡᠨ ᠵᠣᠬᠢᠶᠠᠨ ᠪᠠᠶᠢᠭᠤᠯᠵᠤ ᠰᠥᠨᠢ ᠶᠢᠨ ᠬᠤᠭᠤᠯᠠ ᠢᠳᠡᠬᠦ ᠴᠠᠭ ᠢ ᠠᠰᠢᠭᠯᠠᠨ᠂ ᠬᠠᠷᠢᠶᠠᠲᠤ ᠣᠷᠣᠨ ᠤ ᠳᠣᠲᠣᠷᠠᠬᠢ ᠬᠠᠯᠠᠭᠤᠨ ᠲᠣᠭᠤᠭᠠᠨ ᠤ ᠳᠡᠯᠭᠡᠭᠦᠷ᠂ ᠮᠥᠰᠥᠨ ᠳᠤ ᠴᠢᠨᠠᠭᠰᠠᠨ ᠬᠤᠨᠢᠨ ᠮᠢᠬᠠᠨ ᠤ ᠳᠡᠯᠭᠡᠭᠦᠷ᠂ ᠲᠡᠯᠡᠶ ᠶᠢᠨ ᠢᠳᠡᠭᠡᠨ ᠤ ᠳᠡᠯᠭᠡᠭᠦᠷ ᠵᠡᠷᠭᠡ ᠬᠤᠭᠤᠯᠠᠨ ᠬᠡᠷ ᠤᠨ ᠢᠳᠡᠭᠡᠨ ᠤᠮᠳᠠᠭᠠᠨ ᠤ ᠪᠠᠷᠢᠮᠵᠢᠶᠠᠲᠤ ᠬᠡᠮᠵᠢᠯᠲᠡ ᠶᠢᠨ ᠭᠡᠨᠡᠳᠲᠡ ᠶᠢᠨ ᠪᠠᠶᠢᠴᠠᠭᠠᠯᠲᠠ ᠬᠢᠵᠦ᠂ ᠣᠲᠣ ᠪᠣᠯᠲᠠᠯ᠎ᠠ ᠨᠡᠶᠢᠲᠡ 30 ᠭᠠᠷᠤᠶ ᠬᠤᠭᠤᠯᠠᠨ ᠬᠡᠷ ᠢ ᠪᠠᠶᠢᠴᠠᠭᠠᠵᠤ ᠪᠠᠶᠢᠨ᠎ᠠ᠃ ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠬᠤᠭᠤᠯᠠᠨ ᠬᠡᠷ ᠤᠨ ᠬᠡᠷᠡᠭᠯᠡᠬᠦ ᠡᠯᠧᠺᠲᠷᠣᠨ ᠵᠢᠩᠯᠡᠭᠦᠷ ᠤᠨ ᠠᠯᠪᠠᠳᠠᠯᠭ᠎ᠠ ᠪᠠᠷ ᠬᠢᠨᠠᠨ ᠲᠣᠭᠲᠠᠭᠠᠯᠲᠠ ᠶᠢᠨ ᠬᠢᠷᠢ ᠲᠡᠩᠴᠡᠭᠰᠡᠨ ᠦᠨᠡᠮᠯᠡᠯ ᠢ ᠪᠠᠶᠢᠴᠠᠭᠠᠨ ᠦᠵᠡᠵᠦ᠂ ᠲᠤᠬᠠᠶ ᠶᠢᠨ ᠲᠠᠯᠠᠪᠤᠷ ᠲᠤ ᠪᠠᠷᠢᠮᠵᠢᠶᠠᠲᠤ ᠲᠤᠤᠬᠠᠶ ᠪᠠᠷ ᠡᠯᠧᠺᠲᠷᠣᠨ ᠵᠢᠩᠯᠡᠭᠦᠷ ᠤᠨ ᠣᠨᠣᠪᠴᠢᠲᠤ ᠴᠢᠨᠠᠷ ᠢ ᠰᠢᠯᠭᠠᠨ ᠲᠣᠭᠲᠠᠭᠠᠬᠤ ᠶᠢᠨ ᠬᠠᠮᠲᠤ ᠬᠤᠳᠠᠯᠳᠤᠭᠠᠴᠢᠨ ᠤ ᠬᠤᠨᠢᠨ ᠮᠢᠬ᠎ᠠ᠂ ᠲᠡᠯᠡᠶ ᠶᠢᠨ ᠢᠳᠡᠭᠡᠨ ᠤ ᠬᠦᠨᠳᠦ ᠶᠢ ᠬᠡᠮᠵᠢᠬᠦ᠂ ᠬᠤᠭᠤᠯᠠ ᠭᠠᠷᠭᠠᠬᠤ ᠪᠥᠬᠦ ᠶᠠᠪᠤᠴᠠ ᠶᠢ ᠬᠢᠨᠠᠨ ᠪᠠᠶᠢᠴᠠᠭᠠᠪᠠ᠃
     ᠶᠡᠭᠡ ᠵᠤᠤ ᠶᠢᠨ ᠮᠥᠰᠥᠨ ᠳᠤ ᠴᠢᠨᠠᠭᠰᠠᠨ ᠬᠤᠨᠢᠨ ᠮᠢᠬᠠᠨ ᠤ ᠳᠡᠯᠭᠡᠭᠦᠷ ᠲᠤ ᠵᠣᠴᠢᠳ ᠲᠤ ᠬᠤᠭᠤᠯᠠ ᠬᠢᠵᠦ ᠮᠢᠬ᠎ᠠ ᠰᠠᠪᠠᠯᠠᠬᠤ ᠳᠤ ᠬᠡᠷᠡᠭᠯᠡᠬᠦ ᠮᠣᠳᠣᠨ ᠫᠢᠯᠠ ᠶᠢ ᠪᠠᠶᠢᠴᠠᠭᠠᠭᠰᠠᠨ ᠳᠤ᠂ ᠮᠣᠳᠣᠨ ᠫᠢᠯᠠ ᠶᠢᠨ ᠬᠦᠨᠳᠦᠴᠡ ᠨᠢ ᠵᠥᠷᠢᠶ᠎ᠡ ᠲᠠᠢ ᠪᠠᠶᠢᠬᠤ ᠶᠢ ᠣᠯᠵᠤ ᠮᠡᠳᠡᠭᠡᠳ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠬᠠᠷᠢᠭᠤᠴᠠᠯᠭᠠᠲᠠᠨ ᠢ ᠵᠠᠷᠯᠢᠭᠳᠠᠨ ᠲᠡᠷᠡ ᠳᠠᠷᠤᠶ ᠳᠤᠨᠢ ᠵᠠᠯᠠᠷᠠᠭᠤᠯᠵᠤ᠂ ︽ᠵᠢᠩ ᠯᠠᠩ ᠳᠤᠲᠠᠬᠤ︾ ᠦᠵᠡᠭᠳᠡᠯ ᠭᠠᠷᠬᠤ ᠠᠴᠠ ᠵᠠᠶᠢᠯᠠᠰᠬᠢᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠪᠠ᠃
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠲᠠᠯᠪᠢᠵᠤ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠣᠯᠠᠨ ᠲᠦᠮᠡᠨ ᠬᠦᠰᠡᠯ ᠱᠠᠭᠠᠷᠳᠠᠯᠭ᠎ᠠ ᠲᠠᠢ ᠪᠠᠶᠢᠪᠠᠯ ᠬᠠᠷᠢᠭᠤ ᠲᠤᠰᠬᠠᠯ ᠭᠠᠷᠭᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃              ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号