2023 ᠣᠨ ᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ︽ᠬᠤᠤᠰ ᠪᠠᠶᠠᠷ︾ | ᠬᠦᠷᠴᠦ ᠢᠷᠡᠬᠦ ᠲᠠᠰᠢᠷᠠᠮ ᠳᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠠᠮᠤᠷ ᠲᠣᠭᠲᠠᠭᠤᠨ᠂ ᠪᠠᠶᠠᠷ ᠬᠥᠷ ᠲᠠᠢ᠂ ᠥᠯᠵᠡᠶ | ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠤᠰ ᠪᠠᠶᠠᠷ︾ ᠠᠴᠠ ᠡᠮᠦᠨᠡᠬᠢ ᠢᠳᠡᠭᠡᠨ ᠤ ᠠᠮᠤᠷ | ᠲᠦᠪᠰᠢᠨ ᠤ ᠲᠤᠰᠬᠠᠶ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠪᠡ᠃ | | | | | ᠡᠨᠡ ᠤᠳᠠᠭᠠᠨ ᠤ ᠠᠵᠢᠯᠯᠠᠭ᠎ᠠ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠲᠣᠮᠣ ᠳᠤᠮᠳᠠ ᠬᠡᠯᠪᠡᠷᠢ ᠶᠢᠨ | ᠬᠤᠳᠠᠯᠳᠤᠭᠠᠨ ᠤ ᠬᠡᠳᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠰᠤᠷᠭᠠᠭᠤᠯᠢ ᠶᠢᠨ | ᠬᠦᠷᠢᠶᠡᠨ ᠤ ᠡᠷᠭᠢᠨ ᠲᠣᠭᠤᠷᠢᠨ ᠢᠶᠠᠷ ᠭᠤᠣᠯᠳᠠᠯᠭ᠎ᠠ ᠲᠠᠢ ᠪᠠᠶᠢᠴᠠᠭᠠᠬᠤ ᠣᠷᠣᠨ ᠪᠦᠰᠡ ᠪᠣᠯᠭᠠᠵᠤ᠂ ᠮᠢᠬ᠎ᠠ ᠵᠢᠴᠢ | ᠮᠢᠬᠠᠨ ᠤ ᠵᠦᠢᠯ᠂ ᠲᠠᠬᠢᠶᠠᠨ ᠥᠨᠳᠡᠭᠡ᠂ ᠢᠳᠡᠰᠢᠨ ᠨᠣᠭᠤᠭ᠎ᠠ᠂ ᠵᠢᠮᠢᠰ᠂ ᠠᠷᠢᠬᠢᠨ ᠤ ᠵᠦᠢᠯ᠂ ᠴᠠᠭᠠᠨ ᠢᠳᠡᠭᠡᠨ᠂ | ᠤᠰᠤᠨ ᠭᠠᠷᠤᠯᠲᠠ᠂ ᠶᠧᠪᠡᠩ᠂ ᠪᠣᠭᠤᠷᠰᠤᠭ ᠵᠡᠷᠭᠡ ᠪᠣᠷᠣᠯᠠᠭᠤᠯᠭ᠎ᠠ ᠰᠠᠶᠢᠲᠠᠶ ᠲᠠᠸᠠᠷ ᠢᠶᠠᠷ ᠭᠤᠣᠯᠳᠠᠯᠭ᠎ᠠ ᠪᠣᠯᠭᠠᠨ | ᠪᠠᠶᠢᠴᠠᠭᠠᠭᠳᠠᠬᠤ ᠡᠲᠡᠭᠡᠳ ᠪᠣᠯᠭᠠᠵᠤ᠂ ᠡᠵᠡᠩᠨᠡᠭᠴᠢᠳ ᠤᠨ ᠬᠠᠤᠯᠢ ᠶᠣᠰᠣᠨ ᠤ ᠡᠵᠡᠩᠨᠡᠯᠲᠡ ᠶᠢᠨ ᠬᠢᠷᠢ ᠬᠡᠮ ᠢ | ᠪᠦᠷᠢᠯᠳᠦᠭᠦᠯᠦᠭᠰᠡᠨ ᠡᠰᠡᠬᠦ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠡᠰᠡᠬᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠪᠠ ᠭᠡᠷᠡᠴᠢ ᠪᠠᠷᠢᠮᠲᠠ ᠠᠪᠬᠤ | ᠳᠦᠷᠢᠮ ᠢ ᠴᠢᠩᠭ᠎ᠠ ᠬᠡᠷᠡᠭᠵᠢᠭᠦᠯᠦᠭᠰᠡᠨ ᠡᠰᠡᠬᠦ᠂ ︽ᠭᠤᠷᠪᠠ ᠥᠬᠡᠶ︾ ᠢᠳᠡᠭᠡᠨ ᠪᠠ ᠴᠢᠨᠠᠷ ᠢ ᠪᠠᠲᠤᠯᠠᠬᠤ | ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠢ ᠪᠣᠷᠣᠯᠠᠭᠤᠯᠤᠭᠰᠠᠨ ᠡᠰᠡᠬᠦ᠂ ᠬᠢᠵᠢᠭ ᠤᠨ ᠪᠠᠶᠢᠴᠠᠭᠠᠯᠲᠠ ᠬᠢᠬᠦ | ᠶᠣᠰᠣᠲᠠᠶ ᠪᠠᠶᠢᠲᠠᠯ᠎ᠠ ᠬᠢᠵᠢᠭ ᠤᠨ ᠪᠠᠶᠢᠴᠠᠭᠠᠯᠲᠠ ᠬᠢᠭᠰᠡᠨ ᠥᠬᠡᠶ ᠢᠳᠡᠭᠡᠨ ᠢ ᠪᠣᠷᠣᠯᠠᠭᠤᠯᠤᠭᠰᠠᠨ ᠡᠰᠡᠬᠦ᠂ | ᠬᠠᠭᠤᠷᠮᠠᠭ ᠮᠠᠭᠤ ᠢᠳᠡᠭᠡᠨ ᠢ ᠪᠣᠷᠣᠯᠠᠭᠤᠯᠤᠭᠰᠠᠨ ᠡᠰᠡᠬᠦ᠂ ᠴᠢᠨᠠᠷ ᠬᠤᠪᠢᠷᠬᠠᠰᠠᠨ ᠢᠳᠡᠭᠡᠨ ᠢ ᠪᠣᠷᠣᠯᠠᠭᠤᠯᠤᠭᠰᠠᠨ | ᠡᠰᠡᠬᠦ᠂ ᠢᠳᠡᠭᠡᠨ ᠤ ᠢᠷᠡᠯᠲᠡ ᠶᠢ ᠨᠡᠬᠡᠮᠵᠢᠯᠡᠵᠦ ᠪᠣᠯᠬᠤ ᠨᠢ ᠲᠣᠳᠣᠷᠬᠠᠶ ᠡᠰᠡᠬᠦ ᠵᠡᠷᠭᠡ ᠪᠠᠶᠢᠳᠠᠯ ᠳᠤ ᠪᠥᠬᠦ | ᠲᠠᠯ᠎ᠠ ᠶᠢᠨ ᠪᠠᠶᠢᠴᠠᠭᠠᠯᠲᠠ ᠬᠢᠪᠠ᠃ | | | | | ᠬᠠᠤᠯᠢ ᠬᠡᠷᠡᠭᠵᠢᠭᠦᠯᠬᠦ ᠠᠵᠢᠯᠲᠠᠨ ᠪᠠᠰᠠ ᠡᠵᠡᠩᠨᠡᠯᠲᠡ ᠶᠢᠨ ᠡᠷᠦᠬᠡ᠂ ᠬᠡᠷᠡᠭᠯᠡᠭᠴᠢᠳ ᠲᠤ ᠢᠳᠡᠭᠡᠨ ᠤ ᠠᠮᠤᠷ | ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠡᠵᠡᠩᠨᠡᠭᠴᠢᠳ ᠢ ᠬᠠᠷᠢᠭᠤᠴᠠᠯᠭ᠎ᠠ ᠶᠢᠨ ᠤᠬᠠᠮᠰᠠᠷ ᠢᠶᠠᠨ | ᠳᠡᠭᠡᠭᠰᠢᠯᠡᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ | ᠰᠢᠯᠭᠠᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠭᠡᠵᠦ᠂ ᠲᠠᠸᠠᠷ ᠢ ᠬᠡᠲᠦ ᠪᠣᠭᠤᠳᠠᠯᠯᠠᠭᠰᠠᠨ ᠦᠢᠯᠡ | ᠠᠵᠢᠯᠯᠠᠭ᠎ᠠ ᠶᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠪᠠᠨ ᠴᠢᠩᠭᠠᠳᠬᠠᠵᠤ᠂ ᠪᠣᠬᠢᠷᠲᠤᠯ ᠥᠬᠡᠶ | ᠣᠷᠴᠢᠨ ᠲᠤᠭᠤᠷᠢᠨ ᠢ ᠬᠠᠮᠠᠭᠠᠯᠠᠬᠤ ᠬᠡᠷᠡᠭᠯᠡᠭᠡᠨ ᠤ ᠣᠶᠢᠯᠠᠭᠠᠭᠳᠠᠬᠤᠨ ᠢ ᠰᠠᠨᠠᠭᠠᠴᠢᠯᠠᠬᠤ ᠬᠡᠷᠡᠭᠲᠡᠶ ᠭᠡᠵᠦ ᠱᠠᠭᠠᠷᠳᠠᠪᠠ᠃ | ᠡᠭᠦᠨ ᠤ ᠬᠠᠮᠲᠤ᠂ ᠬᠠᠤᠯᠢ ᠬᠡᠷᠡᠭᠵᠢᠭᠦᠯᠦᠭᠴᠢ ᠠᠴᠠ ᠪᠠᠰᠠ ᠥᠷᠭᠡᠨ ᠣᠯᠠᠨ ᠬᠡᠷᠡᠭᠯᠡᠭᠴᠢᠳ ᠲᠤ ᠪᠠᠷᠠᠭ᠎ᠠ | ᠬᠤᠳᠠᠯᠳᠤᠨ ᠠᠪᠤᠭᠰᠠᠨ ᠭᠡᠷᠡᠴᠢ ᠲᠡᠮᠳᠡᠭ ᠢᠶᠠᠨ ᠦᠯᠡᠳᠡᠭᠡᠬᠦ ᠶᠢ ᠠᠩᠬᠠᠷᠴᠤ᠂ ᠬᠡᠷᠡᠭᠯᠡᠭᠡᠨ ᠤ ᠵᠢᠭᠤᠷᠠᠯᠳᠤᠭᠠᠨ ᠤ | ᠦᠶ᠎ᠡ ᠶᠢᠨ ᠡᠷᠬᠡ ᠪᠠᠨ ᠬᠠᠮᠠᠭᠠᠯᠠᠬᠤ ᠦᠨᠳᠦᠰᠦᠯᠡᠯ ᠪᠣᠯᠭᠠᠵᠤ᠂ ᠬᠠᠤᠯᠢ ᠶᠣᠰᠣᠨ ᠤ ᠡᠷᠬᠡ ᠠᠰᠢᠭ ᠨᠢ ᠬᠤᠬᠢᠷᠠᠯ ᠳᠤ | ᠤᠴᠠᠷᠠᠭᠰᠠᠨ ᠦᠶ᠎ᠡ ᠳᠤ ᠴᠠᠭ ᠲᠤᠬᠠᠶ ᠳᠤᠨᠢ ᠵᠠᠭᠠᠯᠳᠤᠬᠤ ᠤᠲᠠᠰᠤ ᠪᠠᠷ ᠤᠲᠠᠰᠤᠳᠠᠵᠤ᠂ ᠥᠪᠡᠷ ᠤᠨ ᠬᠠᠤᠯᠢ | ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠶ ᠭᠡᠵᠦ ᠰᠠᠨᠠᠭᠤᠯᠤᠭᠰᠠᠨ ᠪᠠᠶᠢᠨ᠎ᠠ᠃ | | | | | | | | ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ ᠪᠠᠰᠠ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠠᠴᠠ | ᠡᠮᠦᠨᠡᠬᠢ ᠢᠳᠡᠭᠡᠨ ᠤ ᠵᠦᠢᠯ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ | ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠵᠤ᠂ ᠢᠳᠡᠭᠡᠨ ᠤ ᠠᠮᠤᠷ | ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠵᠤ᠂ ᠢᠳᠡᠭᠡᠨ ᠤ ᠶᠠᠰᠤ ᠴᠢᠨᠠᠷ ᠤᠨ ᠠᠮᠤᠷ | ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠤᠯᠠᠨ ᠲᠦᠮᠡᠨ ᠤ ᠰᠠᠨᠠᠭ᠎ᠠ ᠠᠮᠤᠷ ᠬᠤᠳᠠᠯᠳᠤᠨ ᠠᠪᠬᠤ᠂ | ᠰᠠᠨᠠᠭ᠎ᠠ ᠠᠮᠤᠷ ᠢᠳᠡᠬᠦ ᠶᠢ ᠪᠠᠲᠤᠯᠠᠨ᠎ᠠ᠃ | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |