ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2023/9/4
     ︵ᠰᠤᠷᠪᠤᠯᠵᠢᠯᠠᠭᠴᠢ ᠶᠦᠨ ᠶᠠᠨ ᠹᠠᠩ︶ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤᠳᠠᠯ ᠦᠭᠡᠢ ᠡᠬᠢᠯᠡᠬᠦ ᠪᠠᠷ ᠪᠠᠶᠢᠨ᠎ᠠ᠂ ᠰᠤᠷᠪᠤᠯᠵᠢᠯᠠᠭᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠦᠵᠡᠰᠬᠦᠯᠡᠩ ᠤᠨ ᠴᠤᠭᠯᠠᠭᠠᠨ ᠤ ᠲᠠᠯᠠᠪᠠᠶ ᠣᠷᠳᠣᠨ ᠤ ᠪᠠᠶᠢᠭᠤᠯᠤᠯᠲᠠ᠂ ᠬᠤᠳᠠᠯᠳᠤᠭᠠᠴᠢᠨ ᠤᠷᠢᠬᠤ᠂ ᠰᠣᠶᠣᠯ ᠤᠨ ᠰᠣᠯᠢᠯᠴᠠᠭᠠᠨ ᠤ ᠦᠵᠡᠭᠦᠯᠦᠯᠭᠡ ᠲᠣᠭᠯᠠᠯᠲᠠ ᠵᠡᠷᠭᠡ ᠶᠢᠨ ᠡᠯ᠎ᠡ ᠵᠦᠢᠯ ᠤᠨ ᠪᠡᠯᠡᠳᠭᠡᠯ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠤ ᠲᠠᠯᠠᠪᠠᠶ 9.2 ᠲᠦᠮᠡᠨ ᠲᠡᠭᠰᠢ ᠳᠥᠷᠪᠡᠯᠵᠢᠨ ᠮᠧᠳ᠋ᠷ ᠲᠤ ᠬᠦᠷᠴᠦ᠂ ᠵᠢᠱᠢᠯᠲᠡ ᠪᠠᠷ 3000 ᠭᠠᠷᠤᠢ ᠠᠵᠤ ᠠᠬᠤᠶᠢᠯᠠᠯ ᠦᠵᠡᠰᠭᠦᠯᠡᠩ ᠳᠤ ᠣᠷᠤᠯᠴᠠᠬᠤ ᠪᠣᠯᠤᠨ᠎ᠠ ᠃ ᠣᠳᠣᠬᠠᠨ ᠳᠤ᠂ ᠴᠡᠯᠡᠭᠡᠷ ᠲᠠᠯ᠎ᠠ ᠶᠢᠨ ᠤᠯᠠᠠ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠡᠯ᠎ᠡ ᠦᠵᠡᠭᠦᠯᠦᠯᠭᠡ ᠶᠢᠨ ᠲᠣᠭᠤᠷᠢᠭ ᠤᠨ ᠵᠢᠷᠤᠭ ᠲᠥᠯᠥᠪᠯᠡᠭᠡ ᠶᠢᠨ ᠠᠵᠢᠯ ᠦᠨᠳᠦᠰᠦᠨ ᠳᠡᠭᠡᠨ ᠳᠠᠭᠤᠰᠴᠤ᠂ ᠡᠯ᠎ᠡ ᠦᠵᠡᠭᠦᠯᠦᠯᠭᠡ ᠶᠢᠨ ᠲᠠᠶᠢᠰᠠ ᠶᠢ ᠵᠠᠯᠭᠠᠭ᠎ᠠ ᠪᠠᠷ ᠲᠠᠯᠠᠪᠠᠢ ᠳᠤ ᠣᠷᠣᠭᠤᠯᠤᠨ ᠪᠣᠰᠬᠠᠵᠤ ᠪᠤᠢ᠃ ᠨᠢᠭᠡᠳᠦᠭᠡᠷ ᠣᠷᠳᠣᠨ ᠪᠠ ᠬᠤᠶᠠᠳᠤᠭᠠᠷ ᠣᠷᠳᠣᠨ ᠬᠤᠶᠠᠷ ᠭᠤᠣᠯ ᠲᠠᠯᠠᠪᠤᠷ ᠣᠷᠳᠣᠨ ᠢ ᠶᠠᠭ ᠱᠠᠯᠠᠪᠳᠠᠨ ᠪᠠᠶᠢᠭᠤᠯᠵᠤ ᠪᠤᠢ᠂ ᠡᠭᠦᠨ ᠳᠤ ᠥᠪᠥᠷ ᠮᠣᠩᠭᠤᠯ ᠤᠨ ᠳᠦᠷᠢ ᠲᠥᠷᠬᠦ ᠶᠢᠨ ᠦᠵᠡᠭᠦᠯᠦᠯᠭᠡ ᠶᠢᠨ ᠲᠣᠭᠤᠷᠢᠭ᠂ ᠮᠣᠩᠭᠤᠯ ᠤᠯᠤᠰ ᠤᠨ ᠳᠦᠷᠢ ᠲᠥᠷᠬᠦ ᠶᠢᠨ ᠦᠵᠡᠭᠦᠯᠦᠯᠭᠡ ᠶᠢᠨ ᠲᠣᠭᠤᠷᠢᠭ᠂ 34 ᠤᠯᠤᠰ ᠤᠨ ᠣᠷᠳᠣᠨ᠂ 5 ᠠᠶᠢᠮᠠᠭ ᠬᠤᠳᠠ ᠶᠢᠨ ᠣᠷᠳᠣᠨ᠂ 26 ᠠᠵᠢᠯ ᠲᠦᠷᠦᠯ ᠤᠨ ᠠᠵᠤ ᠠᠬᠤᠶᠢᠯᠠᠯ ᠤᠨ ᠦᠵᠡᠭᠦᠯᠦᠯᠭᠡ ᠶᠢᠨ ᠲᠣᠭᠤᠷᠢᠭ᠂ 12 ᠮᠤᠵᠢ ᠬᠤᠳᠠ ᠶᠢᠨ ᠦᠵᠡᠭᠦᠯᠦᠯᠭᠡ ᠶᠢᠨ ᠲᠠᠪᠴᠠᠩ ᠢ ᠪᠠᠶᠢᠭᠤᠯᠵᠤ ᠪᠣᠢ᠃ ᠭᠡᠷ ᠤᠨ ᠭᠠᠳᠠᠨᠠᠬᠢ 2 ᠲᠠᠸᠠᠷ ᠤᠨ ᠦᠵᠡᠭᠦᠯᠦᠯᠭᠡ ᠶᠢᠨ ᠭᠡᠷ ᠢ ᠨᠢᠭᠡᠨᠲᠡ ᠪᠠᠶᠢᠭᠤᠯᠵᠤ ᠳᠠᠭᠤᠰᠬᠠᠪᠠ᠂ ᠣᠷᠳᠣᠨ ᠤ ᠳᠣᠲᠣᠨ᠎ᠠ ᠭᠠᠳᠠᠨᠠᠬᠢ ᠲᠣᠮᠣ ᠬᠡᠯᠪᠡᠷᠢ ᠶᠢᠨ ᠵᠠᠷ ᠤᠨ ᠫᠠᠶᠢᠰᠠ ᠶᠢ ᠦᠢᠯᠡᠳᠴᠦ ᠳᠠᠭᠤᠰᠬᠠᠭᠠᠳ ᠨᠢᠭᠡᠨᠲᠡ ᠡᠯᠭᠦᠵᠦ ᠨᠠᠭᠠᠵᠠᠢ᠃ ᠰᠡᠷᠭᠡᠶᠢᠯᠡᠯᠲᠡ ᠶᠢᠨ ᠲᠤᠰᠠᠭᠠᠷᠯᠠᠬᠤ ᠪᠦᠰᠡ ᠶᠢᠨ ᠬᠠᠭᠠᠰ ᠢ ᠨᠢ ᠨᠢᠭᠡᠨᠲᠡ ᠪᠠᠶᠢᠷᠢᠯᠠᠭᠤᠯᠵᠤ᠂ ᠲᠠᠶᠢᠰᠠ ᠶᠢ ᠨᠢ ᠨᠢᠭᠡᠨᠲᠡ ᠪᠠᠶᠢᠭᠤᠯᠵᠤ ᠡᠬᠢᠯᠡᠭᠰᠡᠨ ᠪᠥᠭᠡᠳ ᠲᠤᠬᠠᠢ ᠶᠢᠨ ᠭᠠᠵᠠᠷ ᠲᠤᠨᠢ ᠭᠠᠯ ᠤᠨᠲᠠᠷᠠᠭᠠᠬᠤ ᠰᠣᠷᠢᠯᠲᠠ ᠶᠢ ᠵᠣᠬᠢᠶᠠᠨ ᠪᠠᠶᠢᠭᠤᠯᠵᠤ ᠬᠢᠭᠰᠡᠨ ᠪᠠᠶᠢᠨ᠎ᠠ᠃      ᠭᠡᠷ ᠳᠣᠲᠣᠷᠠᠬᠢ ᠬᠤᠶᠠᠷ ᠲᠠᠯᠠᠪᠤᠷ ᠣᠷᠳᠣᠨ ᠨᠡᠶᠢᠲᠡ 3.6 ᠲᠦᠮᠡᠨ ᠲᠡᠭᠰᠢ ᠳᠥᠷᠪᠡᠯᠵᠢᠨ ᠮᠧᠳ᠋ᠷ ᠪᠠᠶᠢᠵᠤ᠂ ᠭᠡᠷ ᠤᠨ ᠭᠠᠳᠠᠨ᠎ᠠ ᠬᠤᠶᠠᠷ ᠲᠣᠮᠣ ᠲᠠᠸᠠᠷ ᠤᠨ ᠫᠧᠩ ᠭᠠᠷᠭᠠᠵᠤ᠂ ᠨᠢᠭᠡ ᠨᠢ ᠤᠯᠤᠰ ᠤᠨ ᠳᠣᠲᠣᠭᠠᠳᠤ ᠶᠢᠨ ᠲᠠᠸᠠᠷ ᠤᠨ ᠳᠡᠯᠭᠡᠨ ᠦᠵᠡᠭᠦᠯᠭᠡ ᠪᠠᠶᠢᠵᠤ᠂ ᠣᠲᠣ ᠨᠢᠭᠡᠨᠲᠡ ᠳᠡᠯᠭᠡᠨ ᠦᠵᠡᠭᠦᠯᠬᠦ ᠬᠤᠳᠠᠯᠳᠤᠭᠠᠴᠢᠨ ᠣᠷᠢᠬᠤ ᠠᠵᠢᠯ ᠳᠠᠭᠤᠰᠴᠤ᠂ 744 ᠪᠠᠷᠢᠮᠵᠢᠶ᠎ᠠ ᠳᠡᠯᠭᠡᠨ ᠦᠵᠡᠭᠦᠯᠬᠦ ᠪᠠᠶᠢᠷᠢ ᠳᠤ ᠬᠤᠳᠠᠯᠳᠤᠭᠠᠴᠢᠳ ᠤᠳᠠᠯ ᠦᠭᠡᠢ ᠣᠷᠣᠵᠤ ᠰᠠᠭᠤᠬᠤ ᠪᠣᠯᠤᠨ᠎ᠠ᠃ ᠨᠦᠬᠦᠭᠡ ᠨᠢᠭᠡ ᠫᠧᠩ ᠨᠢ ᠭᠤᠣᠯᠳᠠᠭᠤ ᠮᠣᠩᠭᠤᠯ ᠤᠯᠤᠰ ᠤᠨ ᠲᠠᠸᠠᠷ ᠤᠨ ᠦᠵᠡᠭᠦᠯᠦᠯᠭᠡ ᠶᠢᠨ ᠲᠣᠭᠤᠷᠢᠭ ᠪᠣᠯᠣᠨ᠎ᠠ᠂ ᠨᠡᠶᠢᠲᠡ 500 ᠪᠠᠷᠢᠮᠵᠢᠶ᠎ᠠ ᠦᠵᠡᠭᠦᠯᠦᠯᠭᠡ ᠶᠢᠨ ᠪᠠᠶᠢᠷᠢ ᠲᠠᠢ᠂ ᠣᠳᠣ ᠶᠠᠭ ᠪᠠᠶᠢᠭᠤᠯᠵᠤ ᠪᠠᠶᠢᠨ᠎ᠠ᠂ ᠵᠢᠱᠢᠯᠲᠡ ᠪᠠᠷ 9 ᠳ᠋ᠤᠭᠡᠷ ᠰᠠᠷ᠎ᠠ ᠶᠢᠨ 4 ᠤ ᠡᠳᠦᠷ ᠪᠦᠬᠦᠨ ᠢ ᠪᠠᠷᠢᠵᠤ ᠳᠠᠭᠤᠰᠬᠠᠨ᠎ᠠ᠃      ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠳᠤ ᠠᠩᠬ᠎ᠠ ᠤᠳᠠᠭ᠎ᠠ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠬᠤᠳᠠᠯᠳᠤᠭᠠᠴᠢᠨ ᠤᠷᠢᠵᠤ ᠳᠡᠯᠭᠡᠨ ᠦᠵᠡᠭᠦᠯᠬᠦ ᠶᠢ ᠬᠠᠶᠢᠨ ᠰᠦᠪᠡᠭᠴᠢᠯᠡᠵᠦ᠂ 8 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠨᠡᠶᠢᠲᠡ 42 ᠠᠵᠤ ᠠᠬᠤᠶᠢᠯᠠᠯ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠵᠠᠬ᠎ᠠ ᠳᠡᠯᠭᠡᠭᠦᠷᠴᠢᠯᠡᠬᠦ ᠠᠵᠢᠯᠯᠠᠭᠠᠨ ᠳᠤ ᠣᠷᠣᠯᠴᠠᠭᠰᠠᠨ ᠪᠠᠶᠢᠨ᠎ᠠ᠃ ᠡᠭᠦᠨ ᠳᠤ᠂ ᠪᠡᠯᠡᠨ ᠵᠣᠭᠤᠰ ᠤᠨ ᠬᠡᠯᠪᠡᠷᠢ ᠪᠠᠷ ᠣᠷᠣᠯᠴᠠᠭᠰᠠᠨ ᠨᠢ 7 ᠠᠵᠤ ᠠᠬᠤᠶᠢᠯᠠᠯ᠂ ᠦᠵᠡᠭᠦᠯᠦᠯᠭᠡ ᠶᠢᠨ ᠪᠠᠶᠢᠷᠢ ᠵᠢᠴᠢ ᠵᠠᠷ ᠤᠨ ᠬᠡᠯᠪᠡᠷᠢ ᠪᠠᠷ ᠣᠷᠣᠯᠴᠠᠭᠰᠠᠨ ᠨᠢ 30 ᠠᠵᠤ ᠠᠬᠤᠶᠢᠯᠠᠯ᠂ ᠦᠢᠯᠡᠳᠬᠦᠨ ᠢᠶᠠᠷ ᠳᠡᠮᠵᠢᠬᠦ ᠮᠠᠶ᠋ᠢᠭ ᠢᠶᠠᠷ ᠣᠷᠣᠯᠴᠠᠭᠰᠠᠨ ᠨᠢ 5 ᠠᠵᠤ ᠠᠬᠤᠶᠢᠯᠠᠯ ᠪᠠᠶᠢᠵᠤ᠂ ᠵᠢᠱᠢᠯᠲᠡ ᠪᠠᠷ 4508.2 ᠲᠦᠮᠡᠨ ᠲᠥᠭᠦᠷᠢᠭ ᠣᠷᠴᠢᠮ ᠤᠨ ᠪᠡᠯᠡ ᠮᠥᠩᠭᠦ ᠣᠷᠣᠭᠤᠯᠤᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号