6 ᠨᠠᠰᠤᠨ ᠠᠴᠠ ᠡᠮᠦᠨ᠎ᠡ ᠳᠡᠯᠭᠡᠴᠡ ᠶᠢᠨ ᠲᠥᠷᠥᠯ ᠤᠨ ᠡᠯᠧᠺᠲᠷᠣᠨ ᠦᠢᠯᠡᠳᠬᠦᠨ ᠢ ᠪᠢᠲᠡᠭᠡᠢ ᠬᠡᠷᠡᠭᠯᠡᠭᠡᠷᠡᠢ
ᠨᠡᠶᠢᠲᠡᠯᠡᠭᠰᠡᠨ ᠴᠠᠭ᠄
2023/9/4
     ᠬᠡᠦᠬᠡᠳ ᠪᠠ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠭᠤᠤᠯ ᠮᠡᠳᠡᠯᠭᠡ ᠶᠢᠨ ᠠᠷᠪᠠᠨ ᠵᠤᠷᠪᠤᠰ︾ ᠢ ᠳᠠᠷᠤᠮᠠᠯᠯᠠᠨ ᠲᠠᠷᠬᠠᠭᠠᠪᠠ᠃ ᠡᠭᠦᠨ ᠳᠤ ᠬᠡᠦᠬᠡᠳ ᠤᠨ ᠡᠯᠧᠺᠲᠷᠣᠨ ᠳᠡᠯᠭᠡᠴᠡ ᠬᠡᠷᠡᠭᠯᠡᠬᠦ ᠴᠠᠭ ᠤᠨ ᠲᠤᠬᠠᠶ ᠨᠠᠷᠢᠨ ᠲᠣᠭᠲᠠᠭᠠᠯ ᠭᠠᠷᠭᠠᠵᠠᠶ᠃      ᠲᠤᠰ ᠪᠢᠴᠢᠭ ᠮᠠᠲ᠋ᠧᠷᠢᠶᠠᠯ ᠳᠤ ᠡᠯᠧᠺᠲᠷᠣᠨ ᠳᠡᠯᠭᠡᠴᠡ ᠶᠢᠨ ᠲᠥᠷᠥᠯ ᠤᠨ ᠦᠢᠯᠡᠳᠬᠦᠨ ᠢ ᠣᠷᠳᠣ ᠬᠤᠭᠤᠴᠠᠭ᠎ᠠ ᠪᠠᠷ ᠣᠶᠢᠷ᠎ᠠ ᠵᠠᠢ ᠠᠴᠠ ᠬᠡᠷᠡᠭᠯᠡᠬᠦ ᠨᠢ ᠬᠡᠦᠬᠡᠳ ᠤᠨ ᠬᠤᠯᠠ ᠬᠠᠷᠠᠭᠠᠨ ᠤ ᠨᠥᠭᠡᠴᠡ ᠶᠢ ᠠᠮᠠᠷᠬᠠᠨ ᠬᠤᠷᠣᠭᠳᠠᠭᠤᠯᠵᠤ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠡᠷᠲᠡ ᠡᠭᠦᠰᠬᠦ᠂ ᠣᠯᠠᠨ ᠡᠭᠦᠰᠬᠦ ᠶᠢᠨ ᠴᠢᠬᠤᠯᠠ ᠰᠢᠯᠲᠠᠭᠠᠨ ᠪᠣᠯᠣᠨ᠎ᠠ ᠭᠡᠵᠦ ᠵᠢᠭᠠᠵᠤ ᠭᠠᠷᠭᠠᠭᠰᠠᠨ ᠤ ᠬᠠᠮᠲᠤ᠂ ᠡᠯ᠎ᠡ ᠨᠠᠰᠤᠨ ᠤ ᠬᠡᠤᠬᠡᠳ ᠤᠨ ᠳᠡᠯᠭᠡᠴᠡ ᠶᠢᠨ ᠲᠥᠷᠥᠯ ᠤᠨ ᠡᠯᠧᠺᠲᠷᠣᠨ ᠦᠢᠯᠡᠳᠬᠦᠨ ᠢ ᠬᠡᠷᠡᠭᠯᠡᠬᠦ ᠲᠤᠬᠠᠢ ᠬᠠᠮᠢᠶᠠᠷᠤᠨ ᠡᠵᠡᠮᠳᠡᠬᠦ ᠪᠣᠳᠠᠲᠠᠢ ᠴᠠᠭ ᠢ ᠨᠡᠶᠢᠲᠡᠯᠡᠪᠡ᠃      0 — 3 ᠨᠠᠰᠤᠨ ᠤ ᠨᠢᠯᠬ᠎ᠠ ᠬᠡᠦᠬᠡᠳ᠄ ᠭᠠᠷ ᠤᠲᠠᠰᠤ᠂ ᠺᠣᠮᠫᠢᠦ᠋ᠲ᠋ᠧᠷ ᠵᠡᠷᠭᠡ ᠳᠡᠯᠭᠡᠴᠡ ᠶᠢᠨ ᠲᠥᠷᠥᠯ ᠤᠨ ᠡᠯᠧᠺᠲᠷᠣᠨ ᠦᠢᠯᠡᠳᠬᠦᠨ ᠢ ᠬᠡᠷᠡᠭᠯᠡᠬᠦ ᠥᠬᠡᠶ︔      3 — 6 ᠨᠠᠰᠤᠨ ᠤ ᠬᠡᠦᠬᠡᠳ᠄ ᠭᠠᠷ ᠤᠲᠠᠰᠤ᠂ ᠺᠣᠮᠫᠢᠦ᠋ᠲ᠋ᠧᠷ ᠵᠡᠷᠭᠡ ᠳᠡᠯᠭᠡᠴᠡ ᠶᠢᠨ ᠲᠥᠷᠥᠯ ᠤᠨ ᠡᠯᠧᠺᠲᠷᠣᠨ ᠦᠢᠯᠡᠳᠬᠦᠨ ᠲᠠᠢ ᠣᠶᠢᠷᠠᠳᠬᠤ ᠪᠠ ᠬᠡᠷᠡᠭᠯᠡᠬᠦ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠃      ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ᠄ ᠰᠤᠷᠤᠯᠴᠠᠬᠤ ᠪᠤᠰᠤ ᠵᠣᠷᠢᠯᠭ᠎ᠠ ᠪᠠᠷ ᠡᠯᠧᠺᠲᠷᠣᠨ ᠳᠡᠯᠭᠡᠴᠡ ᠶᠢ ᠬᠡᠷᠡᠭᠯᠡᠬᠦ ᠴᠠᠭ ᠢ ᠨᠢᠭᠡ ᠤᠳᠠᠭ᠎ᠠ 15 ᠮᠢᠨᠦ᠋ᠲ ᠠᠴᠠ ᠬᠡᠲᠦᠷᠡᠭᠦᠯᠵᠦ ᠪᠣᠯᠬᠤ ᠥᠬᠡᠶ᠂ ᠡᠳᠦᠷ ᠪᠦᠷᠢ ᠨᠡᠶᠢᠲᠡ ᠴᠠᠭ ᠢ 1 ᠴᠠᠭ ᠠᠴᠠ ᠬᠡᠲᠦᠷᠡᠭᠦᠯᠵᠦ ᠪᠣᠯᠬᠤ ᠥᠬᠡᠶ᠃ ᠡᠯᠧᠺᠲᠷᠣᠨ ᠳᠡᠯᠭᠡᠴᠡ ᠪᠠᠷ ᠰᠤᠷᠤᠯᠴᠠᠬᠤ ᠳᠤ᠂ ᠳᠡᠯᠭᠡᠴᠡ ᠶᠢᠨ ᠭᠤᠤᠯ ᠪᠠᠶᠢᠷᠢ ᠨᠢ ᠨᠢᠳᠦᠨ ᠤ ᠬᠠᠷᠠᠭᠠᠨ ᠱᠤᠭᠤᠮ ᠠᠴᠠ ᠳᠣᠣᠷ᠎ᠠ 10 ᠰᠡᠨᠲ᠋ᠢᠮᠧᠲᠷ ᠤᠨ ᠣᠷᠴᠢᠮ ᠪᠠᠶᠢᠵᠤ᠂ 30 - 40 ᠮᠢᠨᠦ᠋ᠲ ᠦᠵᠡᠭᠰᠡᠨ ᠤ ᠳᠠᠷᠠᠭ᠎ᠠ᠂ ᠬᠤᠯᠠ ᠶᠢ ᠬᠠᠷᠠᠵᠤ 10 ᠮᠢᠨᠦ᠋ᠲ ᠨᠢᠳᠦ ᠪᠠᠨ ᠠᠮᠠᠷᠠᠭᠤᠯᠪᠠᠯ ᠵᠣᠬᠢᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号