ᠦᠰᠦᠭ ᠪᠢᠴᠢᠭ ᠤᠨ ᠲᠠᠶᠢᠯᠤᠮᠵᠢ᠄ ︽ᠢᠦᠶ ᠴᠢᠤᠸᠠᠨ ᠲᠣᠭᠤᠷᠢᠭ ᠤᠨ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠦᠨᠡᠯᠡᠨ ᠵᠢᠱᠢᠬᠦ ᠠᠵᠢᠯ ᠤᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/4
     ᠨᠢᠭᠡ᠂ ᠲᠥᠰᠦᠯ ᠲᠣᠭᠲᠠᠭᠠᠭᠰᠠᠨ ᠠᠬᠤᠶ ᠪᠠᠶᠢᠳᠠᠯ      ᠮᠠᠨ ᠤ ᠲᠤᠭᠤᠷᠢᠭ ᠤᠨ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠡᠵᠡᠩᠨᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠦᠨᠡᠯᠡᠨ ᠵᠢᠱᠢᠵᠦ᠂ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠭᠦᠨᠵᠡᠭᠡᠶ ᠥᠷᠨᠢᠯᠲᠡ ᠶᠢ  ᠠᠬᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠡᠷᠭᠡ ᠳᠡᠰ ᠢ ᠦᠨᠡᠯᠡᠨ ᠲᠣᠭᠲᠠᠭᠠᠬᠤ ᠠᠷᠭ᠎ᠠ ︵ᠰᠠᠨᠠᠯ ᠬᠤᠷᠢᠶᠠᠬᠤ ᠨᠣᠣᠷᠠᠭ︶᠂ ︽ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠠᠯᠠᠪᠤᠷ ᠭᠠᠵᠠᠷ ᠤᠨ ᠬᠠᠩᠭᠠᠯᠭ᠎ᠠ ᠪᠠ ᠡᠵᠡᠩᠨᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠥᠰᠥᠭ ﹇2020﹈ 60 ᠳ᠋ᠤᠭᠠᠷ ᠲᠣᠭᠠᠲᠤ︶᠂ ︽ᠵᠠᠰᠠᠭ ᠤᠨ ᠣᠷᠳᠣᠨ ᠤ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠤᠳᠠᠯᠳᠤᠨ ᠠᠪᠬᠤ ᠶᠢᠨ ᠬᠡᠷᠡᠭᠵᠢᠭᠦᠯᠬᠦ ᠠᠷᠭ᠎ᠠ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2020﹈ 17 ᠳ᠋ᠤᠭᠠᠷ ᠲᠣᠭᠠᠲᠤ︶︾ ᠬᠥᠬᠡᠬᠤᠲᠠ ᠶᠢᠨ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠦᠨᠳᠦᠰᠦᠨ ᠱᠠᠭᠠᠷᠳᠠᠯᠭ᠎ᠠ ︵ᠲᠤᠷᠰᠢᠨ ᠬᠡᠷᠡᠭᠵᠢᠭᠦᠯᠬᠦ︶︾ ︵2020 — 379︶᠂ ︽ᠬᠥᠬᠡᠬᠤᠲᠠ ᠶᠢᠨ ᠵᠠᠰᠠᠭ ᠤᠨ ᠣᠷᠳᠣᠨ ᠤ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠢ ᠬᠤᠳᠠᠯᠳᠤᠨ ᠠᠪᠤᠭᠰᠠᠨ ᠨᠠᠷᠢᠨ ᠲᠠᠩᠰᠠ ︵ᠲᠤᠷᠰᠢᠨ ᠬᠡᠷᠡᠭᠵᠢᠭᠦᠯᠬᠦ︶︾ ︵ᠬᠥᠬᠡᠬᠤᠲᠠ ᠠᠷᠠᠳ ᠤᠨ ᠶᠠᠪᠤᠳᠠᠯ ᠲᠠᠷᠬᠠᠭᠠᠭᠰᠠᠨ ﹇2020﹈ 126 ᠳ᠋ᠤᠭᠠᠷ ᠲᠣᠭᠠᠲᠤ︶ ︽ᠬᠥᠬᠡᠬᠤᠲᠠ ᠶᠢᠨ ᠨᠠᠰᠤᠵᠢᠯ ᠤᠨ ᠠᠰᠠᠷᠠᠮᠵᠢ ᠶᠢᠨ ᠬᠤᠭᠤᠯᠠ ᠲᠤᠰᠠᠯᠠᠬᠤ ᠬᠤᠭᠤᠯᠠ ᠲᠣᠬᠢᠷᠠᠭᠤᠯᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ︵ᠬᠥᠬᠡᠬᠤᠲᠠ ᠠᠷᠠᠳ ᠤᠨ ᠶᠠᠪᠤᠳᠠᠯ ᠲᠠᠷᠬᠠᠭᠠᠭᠰᠠᠨ ﹇2020﹈ 123 ᠳ᠋ᠤᠭᠠᠷ ᠲᠣᠭᠠᠲᠤ︶ ︽ᠬᠥᠬᠡᠬᠤᠲᠠ ᠶᠢᠨ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠪᠢᠴᠢᠯ ᠨᠠᠰᠤᠲᠠᠨ ᠢ ᠠᠰᠠᠷᠠᠬᠤ ᠬᠦᠷᠢᠶᠡᠯᠡᠩ ᠤᠨ ᠪᠡᠯᠡᠳᠬᠡᠮᠵᠢ ᠶᠢᠨ ᠵᠢᠷᠤᠭ ᠲᠥᠯᠥᠪᠯᠡᠭᠡ ᠪᠠ ᠦᠢᠯᠡᠴᠢᠯᠡᠭᠡᠨ ᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︵ᠬᠥᠬᠡᠬᠤᠲᠠ ᠠᠷᠠᠳ ᠤᠨ ᠶᠠᠪᠤᠳᠠᠯ ᠲᠠᠷᠬᠠᠭᠠᠭᠰᠠᠨ ﹇2020﹈ 96 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠢᠦᠶ ᠴᠢᠤᠸᠠᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠬᠤᠶᠠᠷ᠂ ᠲᠥᠰᠦᠯ ᠤᠨ ᠭᠤᠤᠯ ᠠᠭᠤᠯᠭ᠎ᠠ      ︵ᠨᠢᠭᠡ︶ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠨᠡᠯᠡᠨ ᠵᠢᠱᠢᠬᠦ ᠠᠭᠤᠯᠭ᠎ᠠ      ᠡᠭᠦᠨ ᠳᠤ ᠭᠤᠤᠯᠳᠠᠭᠤ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯᠠᠪᠤᠷ ᠭᠠᠵᠠᠷ ᠤᠨ ᠵᠠᠪᠠᠯ ᠪᠦᠷᠢᠯᠳᠦᠭᠦᠯᠬᠦ ᠨᠥᠬᠦᠴᠡᠯ᠂ ᠪᠡᠯᠡᠳᠬᠡᠮᠵᠢ ᠶᠢᠨ ᠣᠷᠴᠢᠨ ᠲᠣᠭᠤᠷᠢᠨ᠂ ᠡᠵᠡᠩᠨᠡᠯᠲᠡ ᠬᠠᠮᠢᠶᠠᠷᠤᠯᠲᠠ᠂ ᠦᠢᠯᠡᠴᠢᠯᠡᠭᠡᠨ ᠤ ᠬᠠᠮᠢᠶᠠᠷᠤᠯᠲᠠ᠂ ᠦᠢᠯᠡᠴᠢᠯᠡᠭᠡᠨ ᠤ ᠬᠠᠩᠭᠠᠯᠭ᠎ᠠ᠂ ᠨᠡᠶᠢᠭᠡᠮ ᠤᠨ ᠢᠲᠡᠭᠡᠯ ᠬᠦᠨᠳᠦ ᠵᠡᠷᠭᠡ ᠵᠢᠷᠭᠤᠭᠠᠨ ᠲᠠᠯ᠎ᠠ ᠶᠢ ᠪᠠᠭᠲᠠᠭᠠᠨ᠎ᠠ᠃      ︵ᠬᠤᠶᠠᠷ︶ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠨᠡᠯᠡᠨ ᠵᠢᠱᠢᠬᠦ ᠪᠠᠷᠢᠮᠵᠢᠶ᠎ᠠ      1.ᠵᠠᠪᠠᠯ ᠪᠦᠷᠢᠯᠳᠦᠭᠦᠯᠬᠦ ᠨᠥᠬᠦᠴᠡᠯ᠃ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠳᠠᠭᠠᠭᠠᠨ ᠠᠪᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠬᠠᠤᠯᠢ ᠶᠢᠨ ᠬᠥᠮᠦᠨ ᠪᠤᠰᠤ ᠵᠣᠬᠢᠶᠠᠨ ᠪᠠᠶᠢᠭᠤᠯᠤᠯᠲᠠ ᠵᠡᠷᠭᠡ ᠨᠢ ᠵᠣᠬᠢᠬᠤ ᠦᠢᠯᠡᠴᠢᠯᠡᠭᠡᠨ ᠤ ᠬᠢᠷᠢ ᠬᠡᠮ ᠲᠠᠢ᠂ ᠦᠢᠯᠡᠴᠢᠯᠡᠭᠡᠨ ᠤ ᠪᠦᠯᠬᠦᠮ ᠨᠡᠶᠢᠲᠡ᠂ ᠢᠲᠡᠭᠡᠮᠵᠢ ᠨᠢ ᠰᠠᠶᠢᠨ ᠪᠠᠶᠢᠬᠤ ᠬᠡᠷᠡᠭᠲᠡᠶ᠃      2. ᠪᠡᠯᠡᠳᠬᠡᠮᠵᠢ ᠶᠢᠨ ᠣᠷᠴᠢᠨ ᠲᠣᠭᠤᠷᠢᠨ᠃ ᠲᠣᠭᠲᠠᠮᠠᠯ ᠪᠥᠭᠡᠳ ᠪᠡᠶ᠎ᠡ ᠪᠠᠨ ᠳᠠᠭᠠᠭᠠᠭᠰᠠᠨ ᠦᠢᠯᠡᠴᠢᠯᠡᠭᠡᠨ ᠤ ᠲᠠᠯᠠᠪᠤᠷ ᠭᠠᠵᠠᠷ ᠪᠠ ᠠᠵᠢᠯᠯᠠᠬᠤ ᠲᠠᠯᠠᠪᠤᠷ ᠭᠠᠵᠠᠷ ᠲᠤ᠂ ᠣᠯᠠᠨ ᠨᠡᠶᠢᠲᠡ ᠶᠢᠨ ᠣᠷᠣᠨ ᠵᠠᠶ ᠶᠢᠨ ᠪᠠᠶᠢᠭᠤᠯᠤᠮᠵᠢ ᠶᠢᠨ ᠭᠠᠳᠠᠨ᠎ᠠ ᠢᠯᠡ ᠲᠣᠳᠣ ᠰᠢᠨᠵᠢ ᠲᠡᠮᠳᠡᠭ ᠤᠨ ᠫᠠᠶᠢᠰᠠ ᠪᠠᠶᠢᠷᠢᠯᠠᠭᠤᠯᠵᠤ᠂ ᠳᠣᠲᠣᠭᠠᠳᠤ ᠳᠠᠭᠠᠨ ᠦᠢᠯᠡᠴᠢᠯᠡᠭᠡᠨ ᠤ ᠴᠢᠳᠠᠮᠵᠢ ᠯᠤᠭ᠎ᠠ ᠵᠣᠬᠢᠴᠠᠯᠳᠤᠭᠰᠠᠨ ᠲᠠᠯᠠᠪᠤᠷ ᠭᠠᠵᠠᠷ᠂ ᠪᠡᠯᠡᠳᠬᠡᠮᠵᠢ ᠵᠢᠴᠢ ᠰᠢᠨᠵᠢ ᠲᠡᠮᠳᠡᠭ ᠢ ᠳᠣᠭᠢᠷᠠᠭᠤᠯᠤᠨ᠎ᠠ︔ ᠭᠠᠯ ᠤᠨᠲᠠᠷᠠᠭᠠᠬᠤ ᠪᠡᠯᠡᠳᠬᠡᠮᠵᠢ ᠪᠣᠯᠤᠨ ᠬᠠᠮᠢᠶ᠎ᠠ ᠪᠥᠬᠦᠢ ᠦᠨᠡᠮᠯᠡᠯ ᠨᠢ ᠪᠦᠷᠢᠨ ᠭᠦᠢᠴᠡᠳ ᠪᠠᠶᠢᠵᠤ᠂ ᠡᠳᠦᠷ ᠨᠠᠶᠢᠳᠠᠬᠤ᠂ ᠬᠤᠭᠤᠯᠠ ᠲᠣᠬᠢᠷᠠᠭᠤᠯᠬᠤ᠂ ᠤᠩᠰᠢᠨ ᠦᠵᠡᠬᠦ᠂ ᠵᠤᠭ᠎ᠠ ᠴᠡᠩᠭᠡᠯ᠂ ᠪᠡᠶ᠎ᠡ ᠴᠢᠭᠢᠷᠠᠭᠵᠢᠭᠤᠯᠬᠤ ᠵᠡᠷᠭᠡ ᠴᠢᠳᠠᠮᠵᠢᠳᠤ ᠪᠡᠯᠡᠳᠬᠡᠮᠵᠢ ᠶᠢ ᠲᠤᠰᠠᠭᠠᠷ ᠪᠤᠶᠤ ᠶᠡᠷᠦᠩᠬᠡᠶᠢᠯᠡᠨ ᠲᠣᠬᠢᠷᠠᠭᠤᠯᠵᠤ᠂ ᠲᠥᠭᠦᠮ᠂ ᠠᠷᠢᠭᠤᠨ ᠴᠡᠪᠡᠷ᠂ ᠠᠮᠤᠷ ᠲᠦᠪᠰᠢᠨ᠂ ᠰᠠᠭᠠᠳ ᠥᠭᠡᠢ ᠪᠠᠶᠢᠯᠭᠠᠬᠤ ᠱᠠᠭᠠᠷᠳᠠᠯᠭ᠎ᠠ ᠳᠤ ᠬᠦᠷᠦᠭᠦᠯᠬᠦ ᠬᠡᠷᠡᠭᠲᠡᠢ᠃      3. ᠡᠵᠡᠩᠨᠡᠯᠲᠡ ᠶᠢᠨ ᠬᠠᠮᠢᠶᠠᠷᠤᠯᠲᠠ᠃ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠯ᠎ᠡ ᠵᠦᠢᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠢᠯᠡ ᠭᠠᠵᠠᠷ ᠲᠤ ᠲᠣᠮᠢᠶ᠎ᠠ ᠬᠡᠷᠡᠭᠵᠢᠭᠦᠯᠦᠨ᠎ᠡ᠃ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠰᠬᠠᠶ ︵ᠬᠠᠪᠰᠤᠷᠭᠠᠭᠰᠠᠨ︶ ᠠᠵᠢᠯᠲᠠᠨ ᠢ ᠳᠣᠭᠢᠷᠠᠭᠤᠯᠵᠤ᠂ ᠪᠣᠳᠠᠲᠠᠶ ᠬᠡᠷᠡᠭᠴᠡᠭᠡ ᠪᠠᠨ ᠦᠨᠳᠦᠰᠦᠯᠡᠨ ᠨᠠᠰᠤᠵᠢᠯ ᠤᠨ ᠠᠰᠠᠷᠠᠭᠴᠢ᠂ ᠡᠮᠴᠢ᠂ ᠰᠤᠪᠢᠯᠠᠭᠴᠢ᠂ ᠡᠷᠡᠭᠦᠯᠵᠢᠭᠦᠯᠦᠭᠴᠢ ᠵᠡᠷᠭᠡ ᠲᠤᠰᠬᠠᠶ ᠮᠡᠷᠭᠡᠵᠢᠯ ᠤᠨ ᠠᠵᠢᠯᠲᠠᠨ ᠢ ᠳᠣᠭᠢᠷᠠᠭᠤᠯᠬᠤ ᠶᠢᠨ ᠬᠠᠮᠲᠤ ᠬᠠᠮᠢᠶ᠎ᠠ ᠪᠥᠬᠦᠶ ᠬᠦᠴᠦᠨ ᠪᠥᠬᠦᠶ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠲᠠᠢ ᠪᠠᠶᠢᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠪᠣᠯᠪᠠᠰᠤᠷᠠᠭᠤᠯᠤᠯ ᠵᠢᠴᠢ ᠲᠥᠬᠦᠭᠡᠷᠦᠮᠵᠢ᠂ ᠬᠢᠵᠢᠭ ᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ   ᠴᠢᠩᠭᠠᠳᠬᠠᠬᠤ ᠬᠡᠷᠡᠭᠲᠡᠢ᠃      4. ᠦᠢᠯᠡᠴᠢᠯᠡᠭᠡᠨ ᠤ ᠬᠠᠮᠢᠶᠠᠷᠤᠯᠲᠠ᠃ ᠦᠢᠯᠡᠴᠢᠯᠡᠭᠡ ᠶᠢ ᠲᠡᠮᠳᠡᠭᠯᠡᠯ ᠲᠠᠢ ᠪᠠᠶᠢᠯᠭᠠᠵᠤ᠂ ᠵᠢᠯ ᠤᠨ ᠡᠬᠢᠨ ᠳᠤ ᠲᠥᠯᠥᠪᠯᠡᠭᠡ ᠲᠠᠢ᠂ ᠵᠢᠯ ᠤᠨ ᠡᠴᠦᠰ ᠲᠤ ᠳ᠋ᠦᠩᠨᠡᠯᠲᠡ ᠲᠠᠢ ᠪᠠᠶᠢᠯᠭᠠᠵᠤ᠂ ᠦᠢᠯᠡᠴᠢᠯᠡᠭᠡᠨ ᠤ ᠳᠦᠷᠦᠯ ᠵᠦᠢᠯ ᠤᠨ ᠳᠦᠷᠢᠮᠵᠢᠯ ᠢ ᠰᠠᠶᠢᠲᠤᠷ ᠬᠢᠵᠦ᠂ ᠦᠢᠯᠡᠴᠢᠯᠡᠭᠡ ᠶᠢ ᠵᠢᠷᠤᠮᠵᠢᠭᠤᠯᠵᠤ᠂ ᠳᠦᠷᠢᠮ ᠢᠶᠠᠷ ᠦᠢᠯᠡᠴᠢᠯᠡᠵᠦ᠂ ᠦᠢᠯᠡᠴᠢᠯᠡᠭᠡ ᠶᠢ ᠬᠠᠷᠢᠭᠤ ᠰᠤᠷᠪᠤᠯᠵᠢᠯᠠᠬᠤ ᠶᠢ  ᠪᠡᠶᠡᠯᠡᠭᠦᠯᠬᠦ ᠬᠡᠷᠡᠭᠲᠡᠢ᠃      5.ᠦᠢᠯᠡᠴᠢᠯᠡᠭᠡ ᠬᠠᠩᠭᠠᠬᠤ᠃ ᠬᠤᠭᠤᠯᠠᠨ ᠳᠤ ᠲᠤᠰᠠᠯᠠᠬᠤ᠂ ᠡᠮᠨᠡᠯᠭᠡ ᠳᠤ ᠲᠤᠰᠠᠯᠠᠬᠤ᠂ ᠠᠷᠢᠭᠤᠨ ᠴᠡᠪᠡᠷ ᠲᠤ ᠲᠤᠰᠠᠯᠠᠬᠤ᠂ ᠤᠬᠢᠶᠠᠯᠭ᠎ᠠ ᠳᠤ ᠲᠤᠰᠠᠯᠠᠬᠤ᠂ ᠪᠠᠴᠢᠮ ᠪᠠᠶᠢᠳᠠᠯ ᠳᠤ ᠲᠤᠰᠠᠯᠠᠬᠤ᠂ ᠶᠠᠪᠤᠵᠤ ᠰᠠᠭᠤᠬᠤ ᠳᠤ ᠲᠤᠰᠠᠯᠠᠬᠤ᠂ ᠣᠷᠳᠣ ᠬᠤᠭᠤᠴᠠᠭ᠎ᠠ ᠪᠠᠷ ᠨᠠᠶᠢᠳᠠᠨ ᠰᠤᠪᠢᠯᠠᠭᠤᠯᠬᠤ᠂ ᠠᠮᠤᠰᠬᠢᠬᠦ ᠦᠢᠯᠡᠴᠢᠯᠡᠭᠡ᠂ ᠡᠳᠦᠷ ᠲᠤᠲᠤᠮ ᠤᠨ ᠬᠠᠷᠠᠭᠠᠯᠵᠠᠯ᠂ ᠣᠷᠣᠯᠠᠨ ᠭᠦᠢᠴᠡᠳᠭᠡᠬᠦ ᠶᠢ ᠨᠡᠶᠢᠳᠠᠬᠤ᠂ ᠰᠡᠳᠬᠢᠴᠡ ᠶᠢᠨ ᠵᠢᠯᠣᠭᠤᠳᠣᠯᠭ᠎ᠠ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠦᠢᠯᠡᠴᠢᠯᠡᠭᠡᠨ ᠤ ᠠᠭᠤᠯᠭ᠎ᠠ ᠶᠢ ᠬᠠᠩᠭᠠᠨ᠎ᠠ᠃ ᠦᠢᠯᠡᠴᠢᠯᠡᠭᠡᠨ ᠤ ᠲᠤᠰᠬᠠᠶᠢᠵᠢᠯᠲᠠ᠂ ᠵᠢᠷᠤᠮᠵᠢᠭᠤᠯᠤᠯᠲᠠ᠂ ᠡᠯ᠎ᠡ ᠲᠥᠷᠥᠯ ᠤᠨ ᠦᠢᠯᠡᠴᠢᠯᠡᠭᠡ ᠶᠢ ᠬᠡᠷᠡᠭᠵᠢᠭᠦᠯᠬᠦ ᠶᠠᠪᠤᠴᠠ ᠳᠠᠬᠢ ᠥᠰᠥᠭ ᠪᠢᠴᠢᠭ ᠤᠨ ᠲᠡᠮᠳᠡᠭᠯᠡᠯ᠂ ᠦᠢᠯᠡᠴᠢᠯᠡᠭᠡᠨ ᠤ ᠵᠠᠷᠤᠳᠠᠯ ᠤᠨ ᠬᠡᠷᠡᠭᠯᠡᠯᠲᠡ ᠶᠢᠨ ᠡᠬᠡ ᠲᠠᠩᠰᠠ᠂ ᠦᠢᠯᠡᠴᠢᠯᠡᠬᠦ ᠡᠲᠡᠭᠡᠳ ᠤᠨ ᠲᠠᠩᠰᠠ ᠡᠪᠬᠡᠮᠡᠯ᠂ ᠦᠢᠯᠡᠴᠢᠯᠡᠬᠦ ᠠᠵᠢᠯᠲᠠᠨ ᠤ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ᠂ ᠬᠠᠮᠢᠶᠠᠷᠤᠯᠲᠠ ︵ᠬᠤᠷᠠᠯ᠂ ᠠᠵᠢᠯᠲᠠᠨ ᠤ ᠬᠢᠨᠠᠨ ᠵᠢᠯᠣᠭᠤᠳᠣᠯᠭ᠎ᠠ᠂ ᠠᠵᠢᠯᠲᠠᠨ ᠤ ᠪᠣᠯᠪᠠᠰᠤᠷᠠᠭᠤᠯᠤᠯ︶ ᠶᠢᠨ ᠲᠡᠮᠳᠡᠭᠯᠡᠯ ᠵᠡᠷᠭᠡ ᠶᠢ ᠬᠠᠩᠭᠠᠬᠤ ᠬᠡᠷᠡᠭᠲᠡᠢ᠃      6.ᠨᠡᠶᠢᠭᠡᠮ ᠤᠨ ᠦᠷ᠎ᠡ ᠠᠰᠢᠭ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠷᠭ᠎ᠠ ᠵᠠᠮ ᠢ ᠲᠠᠰᠤᠷᠠᠯᠲᠠ ᠥᠬᠡᠶ ᠰᠦᠪᠡᠭᠴᠢᠯᠡᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠶᠢ ᠢᠳᠡᠪᠬᠢᠲᠡᠶ ᠰᠢᠨ᠎ᠡ ᠪᠠᠷ ᠡᠭᠦᠳᠴᠦ᠂ ᠨᠠᠰᠤᠲᠠᠶᠢᠴᠤᠳ ᠤᠨ ᠰᠡᠳᠬᠢᠯ ᠬᠠᠨᠤᠮᠵᠢᠲᠠᠶ ᠨᠤᠷᠮ᠎ᠠ ᠶᠢ ᠳᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      7.ᠢᠷᠭᠡᠨ ᠤ ᠵᠠᠷᠭᠤ ᠳᠤ ᠬᠤᠯᠪᠣᠭᠳᠠᠭᠰᠠᠨ᠂ ᠵᠠᠰᠠᠭ ᠵᠠᠬᠢᠷᠭᠠᠨ ᠤ ᠰᠢᠢᠳᠭᠡᠯ ᠳᠤ ᠬᠤᠯᠪᠣᠭᠳᠠᠭᠰᠠᠨ ᠪᠠᠶᠢᠳᠠᠯ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠵᠣᠭᠤᠰ ᠮᠥᠩᠭᠦ ᠥᠭᠬᠦ ᠡᠭᠦᠷᠭᠡ ᠲᠠᠢ ᠥᠭᠴᠡᠭᠡᠲᠡᠨ ᠪᠤᠶᠤ ᠭᠦᠢᠴᠡᠳᠭᠡᠭᠳᠡᠭᠴᠢ ᠪᠣᠯᠤᠭᠰᠠᠨ ᠤ ᠬᠤᠪᠢ ᠳᠤ᠂ ᠲᠡᠭᠦᠨ ᠤ ᠪᠠᠯᠠ ᠮᠥᠩᠭᠦ ᠶᠢᠨ ᠡᠷᠭᠢᠯᠲᠡ ᠵᠢᠴᠢ ᠡᠳᠦᠷ ᠲᠤᠲᠤᠮ ᠤᠨ ᠡᠵᠡᠩᠨᠡᠯᠲᠡ ᠬᠠᠮᠢᠶᠠᠷᠤᠯᠲᠠ ᠶᠢ ᠨᠥᠯᠥᠭᠡᠯᠡᠵᠦ ᠮᠡᠳᠡᠨ᠎ᠡ︔ ᠵᠠᠰᠠᠭ ᠵᠠᠬᠢᠷᠭᠠᠨ ᠤ ᠰᠢᠢᠳᠭᠡᠯ ᠤᠨ ᠡᠲᠡᠭᠡᠳ ᠪᠣᠯᠤᠭᠰᠠᠨ ᠤ ᠬᠤᠪᠢ ᠳᠤ᠂ ᠲᠡᠭᠦᠨ ᠤ ᠬᠢᠷᠢ ᠬᠡᠮ ᠤᠨ ᠦᠨᠡᠮᠯᠡᠯ ᠪᠠᠶᠢᠬᠤ ᠡᠰᠡᠬᠦ᠂ ᠬᠠᠤᠯᠢ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠪᠠᠶᠢᠬᠤ ᠡᠰᠡᠬᠦ ᠵᠡᠷᠭᠡ ᠲᠠᠯ᠎ᠠ ᠶᠢᠨ ᠢᠯᠡᠷᠡᠯ ᠢ ᠲᠤᠰᠬᠠᠵᠤ ᠪᠣᠯᠤᠨ᠎ᠠ︔ ᠬᠡᠷᠪᠡ ᠦᠨᠡᠯᠡᠨ ᠵᠢᠱᠢᠬᠦ ᠳ᠋ᠦᠢᠰᠢᠶᠠᠩ ᠨᠢᠭᠡ ᠦᠨᠡᠯᠡᠨ ᠵᠢᠱᠢᠬᠦ ᠦᠶᠡᠯᠡᠯ ᠤᠨ ᠬᠤᠭᠤᠴᠠᠭᠠᠨ ᠳᠤ ᠢᠷᠭᠡᠨ ᠤ ᠵᠠᠷᠭᠤ ᠳᠤ ᠬᠤᠯᠪᠣᠭᠳᠠᠭᠰᠠᠨ ᠥᠭᠬᠦ ᠵᠣᠭᠤᠰ ᠤᠨ ᠲᠤᠭ᠎ᠠ ᠨᠢ ᠯᠤᠲᠤ ᠶᠡᠭᠡ ᠪᠤᠶᠤ ᠬᠤᠶᠠᠷ ᠤᠳᠠᠭ᠎ᠠ ᠠᠴᠠ ᠳᠡᠭᠡᠭᠰᠢ ᠵᠠᠰᠠᠭ ᠵᠠᠬᠢᠷᠭᠠᠨ ᠤ  ᠰᠢᠢᠳᠭᠡᠯ ᠢᠶᠠᠷ ᠰᠢᠢᠳᠭᠡᠭᠳᠡᠭᠰᠡᠨ ᠪᠠᠶᠢᠪᠠᠯ᠂ ᠰᠢᠭᠤᠳ ᠬᠢᠷᠢ ᠲᠡᠩᠴᠡᠭᠰᠡᠨ ᠦᠭᠡᠢ ᠪᠠᠷ ᠮᠠᠭᠠᠳᠯᠠᠨ ᠲᠣᠭᠲᠠᠭᠠᠨ᠎ᠠ᠃      ︵ᠭᠤᠷᠪᠠ︶ ᠦᠨᠡᠯᠡᠨ ᠵᠢᠱᠢᠬᠦ ᠪᠣᠳᠠᠲᠠᠶ ᠠᠷᠭ᠎ᠠ      ᠲᠤᠬᠠᠶ ᠶᠢᠨ ᠭᠠᠵᠠᠷ ᠲᠤᠨᠢ ᠠᠵᠢᠭᠯᠠᠬᠤ᠂ ᠪᠢᠴᠢᠭ ᠮᠠᠲ᠋ᠧᠷᠢᠶᠠᠯ ᠢ ᠬᠢᠨᠠᠨ ᠤᠩᠰᠢᠬᠤ᠂ ᠰᠣᠯᠢᠯᠴᠠᠨ ᠰᠤᠷᠪᠤᠯᠵᠢᠯᠠᠬᠤ᠂ ᠦᠢᠯᠡᠴᠢᠯᠡᠬᠦ ᠡᠲᠡᠭᠡᠳ ᠤᠨ ᠬᠠᠨᠤᠮᠵᠢ ᠶᠢᠨ ᠬᠡᠮᠵᠢᠶ᠎ᠡ ᠶᠢ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠨᠡᠯᠡᠨ ᠵᠢᠱᠢᠬᠦ ᠠᠵᠢᠯ ᠢ ᠥᠷᠨᠢᠭᠦᠯᠬᠦ ᠬᠡᠷᠡᠭᠲᠡᠶ᠃      ︵ᠨᠢᠭᠡ︶ ᠲᠤᠬᠠᠶ ᠶᠢᠨ ᠲᠠᠯᠠᠪᠤᠷ ᠲᠤᠨᠢ ᠠᠵᠢᠭᠯᠠᠬᠤ ᠭᠡᠳᠡᠭ ᠨᠢ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠲᠤᠬᠠᠶ ᠶᠢᠨ ᠲᠠᠯᠠᠪᠤᠷ ᠲᠤᠨᠢ ᠠᠵᠢᠭᠯᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤᠨᠢ ᠬᠠᠮᠢᠶ᠎ᠠ ᠪᠥᠬᠦᠶ ᠮᠡᠳᠡᠭᠡ ᠵᠠᠩᠭᠢ ᠶᠢ ᠴᠤᠭᠯᠠᠭᠤᠯᠬᠤ ᠶᠢ ᠬᠡᠯᠡᠵᠦ ᠪᠣᠶ᠂ ᠡᠭᠦᠨ ᠳᠤ ᠲᠠᠯᠠᠪᠤᠷ ᠤᠨ ᠬᠠᠲᠠᠭᠤ ᠲᠣᠨᠤᠭ᠂ ᠭᠠᠯ ᠤᠨᠲᠠᠷᠠᠭᠠᠬᠤ ᠪᠡᠯᠡᠳᠬᠡᠮᠵᠢ᠂ ᠲᠦᠷᠢᠮ ᠤᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠵᠡᠷᠭᠡ ᠶᠢ ᠪᠠᠭᠲᠠᠭᠠᠬᠤ ᠮᠦᠷᠲᠡᠭᠡᠨ ᠡᠳᠡᠭᠡᠷ ᠢᠶᠠᠷ ᠬᠢᠵᠠᠭᠠᠷᠯᠠᠭᠳᠠᠬᠤ ᠦᠭᠡᠢ᠃      ︵ᠬᠤᠶᠠᠷ︶ ᠪᠢᠴᠢᠭ ᠮᠠᠲ᠋ᠧᠷᠢᠶᠠᠯ ᠢ ᠬᠢᠨᠠᠨ ᠤᠩᠰᠢᠬᠤ ᠭᠡᠳᠡᠭ ᠨᠢ ᠮᠠᠲ᠋ᠧᠷᠢᠶᠠᠯ ᠢ ᠴᠤᠭᠯᠠᠭᠤᠯᠬᠤ ᠪᠠ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠡᠮᠵᠢᠨ᠂ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠯ᠎ᠡ ᠲᠥᠷᠥᠯ ᠤᠨ ᠪᠢᠴᠢᠭ ᠮᠠᠲ᠋ᠧᠷᠢᠶᠠᠯ ᠤᠨ ᠲᠠᠩᠰᠠ ᠡᠪᠬᠡᠮᠡᠯ ᠢ ᠬᠢᠨᠠᠨ ᠦᠵᠡᠨ᠎ᠡ᠂ ᠡᠭᠦᠨ ᠳᠤ ᠦᠢᠯᠡᠴᠢᠯᠡᠬᠦ ᠡᠲᠡᠭᠡᠳ ᠤᠨ ᠲᠠᠩᠰᠠ ᠡᠪᠬᠡᠮᠡᠯ᠂ ᠡᠯ᠎ᠡ ᠲᠥᠷᠥᠯ ᠤᠨ ᠦᠢᠯᠡᠴᠢᠯᠡᠭᠡᠨ ᠢ ᠥᠷᠨᠢᠭᠦᠯᠦᠭᠰᠡᠨ ᠲᠡᠮᠳᠡᠭᠯᠡᠯ᠂ ᠡᠬᠡ ᠲᠠᠩᠰᠠ᠂  ᠠᠷᠢᠭᠤᠳᠬᠠᠨ ᠤᠰᠠᠳᠬᠠᠬᠤ᠂ ᠭᠠᠯ ᠤᠨᠲᠠᠷᠠᠭᠠᠬᠤ ᠵᠡᠷᠭᠡ ᠠᠵᠢᠯ ᠤᠨ ᠲᠡᠮᠳᠡᠭᠯᠡᠯ ᠵᠢᠴᠢ ᠪᠤᠰᠤᠳ ᠠᠵᠢᠯ ᠤᠨ ᠮᠠᠲ᠋ᠧᠷᠢᠶᠠᠯ ᠢ ᠪᠠᠭᠲᠠᠭᠠᠬᠤ ᠮᠦᠷᠲᠡᠭᠡᠨ ᠡᠳᠡᠭᠡᠷ ᠢᠶᠠᠷ ᠬᠢᠵᠠᠭᠠᠷᠯᠠᠭᠳᠠᠬᠤ ᠦᠭᠡᠢ᠃      ︵ᠭᠤᠷᠪᠠ︶ ᠰᠤᠷᠪᠤᠯᠵᠢᠯᠠᠨ ᠶᠠᠷᠢᠯᠴᠠᠬᠤ ᠭᠡᠳᠡᠭ ᠨᠢ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯᠲᠠᠨ ᠢᠶᠠᠷ ᠳᠠᠮᠵᠢᠭᠤᠯᠤᠨ᠂ ᠬᠠᠷᠢᠶ᠎ᠠ ᠣᠷᠣᠨ ᠤ ᠰᠠᠭᠤᠭᠠᠯᠢ ᠠᠷᠠᠳ᠂ ᠦᠢᠯᠡᠴᠢᠯᠡᠬᠦ ᠡᠲᠡᠭᠡᠳ᠂ ᠦᠢᠯᠡᠴᠢᠯᠡᠬᠦ ᠡᠲᠡᠭᠡᠳ ᠤᠨ ᠬᠡᠷ ᠪᠦᠯᠢ ᠵᠢᠴᠢ ᠪᠤᠰᠤᠳ ᠬᠠᠮᠢᠶ᠎ᠠ ᠪᠥᠬᠦᠶ ᠬᠥᠮᠦᠰ ᠯᠦᠭᠡ ᠰᠠᠨᠠᠯ ᠢᠶᠠᠨ ᠰᠣᠯᠢᠯᠴᠠᠵᠤ ᠶᠠᠷᠢᠯᠴᠠᠨ᠎ᠠ᠂ ᠡᠭᠦᠨ ᠳᠤ ᠠᠵᠢᠯ ᠤᠨ ᠠᠭᠤᠯᠭ᠎ᠠ ᠶᠢᠨ ᠲᠠᠨᠢᠯᠴᠠᠭᠤᠯᠭ᠎ᠠ᠂ ᠤᠨᠴᠠᠭᠠᠢ ᠬᠡᠷᠡᠭ ᠢ ᠰᠢᠢᠳᠪᠦᠷᠢᠯᠡᠭᠰᠡᠨ ᠲᠤᠷᠰᠢᠯᠭ᠎ᠠ᠂ ᠦᠢᠯᠡᠴᠢᠯᠡᠭᠡᠨ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠬᠦᠴᠢᠷᠳᠡᠯ᠂ ᠠᠷᠭᠠᠴᠠᠭᠠᠨ ᠰᠢᠢᠳᠪᠦᠷᠢᠯᠡᠬᠦ ᠠᠷᠭ᠎ᠠ ᠵᠡᠷᠭᠡ ᠶᠢ ᠪᠠᠭᠲᠠᠭᠠᠬᠤ ᠮᠦᠷᠲᠡᠭᠡᠨ ᠡᠳᠡᠭᠡᠷ ᠢᠶᠠᠷ ᠬᠢᠵᠠᠭᠠᠷᠯᠠᠭᠳᠠᠬᠤ ᠦᠭᠡᠢ᠃      ︵ᠳᠥᠷᠪᠡ︶ ᠦᠢᠯᠡᠴᠢᠯᠡᠬᠦ ᠡᠲᠡᠭᠡᠳ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠭᠡᠳᠡᠭ ᠨᠢ ᠦᠢᠯᠡᠴᠢᠯᠡᠭᠡᠨ ᠤ ᠠᠭᠤᠯᠭ᠎ᠠ᠂ ᠰᠦᠢᠳᠭᠡᠯ ᠬᠤᠷᠢᠶᠠᠬᠤ ᠪᠠᠷᠢᠮᠵᠢᠶ᠎ᠠ᠂ ᠦᠢᠯᠡᠴᠢᠯᠡᠭᠡᠨ ᠤ ᠳᠠᠪᠲᠠᠮᠵᠢ᠂ ᠦᠢᠯᠡᠴᠢᠯᠡᠭᠡᠨ ᠤ ᠣᠪᠣᠷ᠂ ᠤᠬᠠᠭᠤᠯᠭ᠎ᠠ ᠵᠡᠷᠭᠡ ᠬᠠᠨᠤᠮᠵᠢ ᠶᠢᠨ ᠬᠡᠮᠵᠢᠶ᠎ᠡ ᠳᠤ ᠪᠠᠶᠢᠴᠠᠭᠠᠨ ᠵᠠᠳᠠᠯᠤᠯᠲᠠ ᠬᠢᠵᠦ᠂ ᠬᠡᠮᠵᠢᠶᠡᠵᠢᠭᠦᠯᠦᠨ ᠦᠨᠡᠯᠡᠨ ᠵᠢᠱᠢᠯᠲᠡ ᠬᠢᠬᠦ ᠶᠢ ᠬᠡᠯᠡᠨ᠎ᠡ᠃      ᠭᠤᠷᠪᠠ᠂ ᠲᠥᠰᠦᠯ ᠢ ᠨᠡᠶᠢᠲᠡᠯᠡᠭᠰᠡᠨ ᠠᠴᠢ ᠬᠤᠯᠪᠣᠭᠳᠠᠯ      ᠬᠡᠷ ᠪᠦᠯᠢ ᠪᠠ ᠨᠡᠶᠢᠭᠡᠮ ᠲᠣᠭᠤᠷᠢᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠬᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠨᠠᠰᠤᠲᠠᠶᠢᠴᠤᠳ ᠤᠨ ᠣᠯᠠᠨ  ᠶᠠᠩᠵᠤᠴᠢᠯᠠᠭᠰᠠᠨ᠂ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠵᠤ᠂  ᠨᠠᠰᠤᠲᠠᠶᠢᠴᠤᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢᠯᠡᠳᠲᠡ ᠳᠡᠭᠡᠭᠰᠢᠯᠡᠪᠡ᠃ ᠮᠠᠨ ᠤ ᠲᠤᠭᠤᠷᠢᠭ ᠤᠨ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠰᠢᠰᠲ᠋ᠧᠮᠵᠢ ᠶᠢᠨ ᠪᠠᠶᠢᠭᠤᠯᠤᠯᠲᠠ ᠬᠠᠮᠢᠶᠠᠷᠤᠯᠲᠠ ᠶᠢ ᠲᠦᠷᠭᠡᠳᠬᠡᠨ ᠠᠬᠢᠭᠤᠯᠵᠤ᠂ ᠮᠠᠨ ᠤ ᠲᠤᠭᠤᠷᠢᠭ ᠤᠨ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯᠠᠪᠤᠷ ᠭᠠᠵᠠᠷ ᠤᠨ ᠳᠦᠷᠢᠮ ᠢ ᠵᠢᠷᠤᠮᠵᠢᠭᠤᠯᠤᠨ᠎ᠠ᠃ ᠢᠯᠡ ᠲᠣᠳᠣ᠂ ᠡᠷᠬᠡ ᠲᠡᠭᠰᠢ ᠲᠥᠪ ᠭᠤᠤᠯᠴᠢ᠂ ᠪᠤᠰᠤᠳᠴᠢ ᠪᠠᠷ ᠬᠡᠮᠵᠢᠶᠡᠵᠢᠭᠦᠯᠬᠦ ᠵᠠᠷᠴᠢᠮ ᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠦᠨᠡᠯᠡᠨ ᠵᠢᠱᠢᠬᠦ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠬᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ᠂ ᠲᠠᠰ᠂ ᠪᠠᠷᠢᠮᠵᠢᠶ᠎ᠠ ᠶᠢ ᠨᠤᠲᠠᠯᠠᠨ᠎ᠠ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ      
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号