2023 ᠣᠨ ᠤ ᠬᠤᠶᠢᠲᠤ ᠲᠤᠬᠤᠢ ᠲᠣᠰᠬᠤᠨ ᠤ ᠠᠵᠢᠯ ᠣᠯᠭᠤᠯᠲᠠ ᠶᠢ ᠲᠤᠰᠠᠯᠠᠵᠤ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2023/9/5
     ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠠᠵᠢᠯ ᠣᠯᠭᠤᠯᠲᠠ ᠶᠢ ᠠᠬᠢᠭᠤᠯᠬᠤ ᠪᠣᠯ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠲᠡᠷᠢᠭᠦᠨ ᠴᠢᠬᠤᠯᠠ ᠶᠡᠭᠡ ᠶᠠᠪᠤᠳᠠᠯ ᠮᠥᠨ᠂ ᠪᠠᠰᠠ ᠴᠤ ᠬᠤᠳᠠ ᠬᠥᠳᠡᠭᠡ ᠪᠠ ᠣᠷᠣᠨ ᠪᠦᠰᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ᠂ ᠨᠡᠶᠢᠭᠡᠮ ᠤᠨ ᠲᠣᠭᠲᠠᠭᠤᠨ ᠪᠠ ᠡᠶ᠎ᠡ ᠵᠣᠬᠢᠴᠠᠯ ᠢ ᠬᠠᠮᠠᠭᠠᠯᠠᠬᠤ ᠴᠢᠬᠤᠯᠠ ᠶᠡᠭᠡ ᠰᠡᠳᠦᠪ ᠮᠥᠨ᠃ ᠬᠤᠶᠢᠲᠤ ᠲᠤᠬᠤᠢ ᠲᠣᠰᠬᠤᠨ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠦᠯᠡᠭᠦᠦ ᠬᠥᠳᠡᠯᠮᠦᠷᠢ ᠶᠢᠨ ᠬᠦᠴᠦᠨ ᠤ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ᠂ ᠤᠢᠢᠷ᠎ᠠ ᠳᠤ᠂ ᠠᠵᠢᠯ ᠣᠯᠭᠤᠯᠲᠠ ᠶᠢ ᠲᠤᠰᠠᠯᠠᠵᠤ ᠠᠵᠢᠯᠲᠠᠨ ᠡᠯᠰᠡᠬᠦ ᠴᠤᠭᠯᠠᠭᠠᠨ ᠢ ᠬᠤᠶᠢᠲᠤ ᠲᠤᠬᠤᠢ ᠲᠣᠰᠬᠤᠨ ᠳᠤ ᠠᠮᠵᠢᠯᠲᠠ ᠲᠠᠢ ᠶᠠᠪᠤᠭᠳᠠᠭᠤᠯᠵᠠᠢ᠃
     ᠲᠤᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠬᠤᠶᠢᠲᠤ ᠲᠤᠬᠤᠢ ᠲᠣᠰᠬᠤᠨ ᠤ ᠨᠠᠮ ᠤᠨ ᠬᠤᠷᠢᠶ᠎ᠠ ᠶᠢᠨ ᠨᠠᠮ ᠤᠨ ᠡᠭᠦᠷ᠂ ᠲᠣᠰᠬᠤᠨ ᠤ ᠠᠷᠠᠳ ᠤᠨ ᠵᠥᠪᠯᠡᠯ ᠠᠴᠠ ᠥᠪᠥᠷ ᠮᠣᠩᠭᠤᠯ ᠤᠨ ᠲᠢᠶᠠᠨ ᠢᠦᠢ ᠬᠥᠮᠦᠨ ᠤ ᠬᠦᠴᠦᠨ ᠤ ᠡᠬᠢ ᠪᠠᠶᠠᠯᠢᠭ ᠤᠨ ᠺᠣᠮᠫᠠᠨᠢ ᠲᠠᠢ ᠬᠠᠮᠲᠤᠷᠠᠨ ᠦᠷᠨᠢᠭᠦᠯᠪᠡ᠃ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠵᠢᠴᠢ ᠠᠵᠢᠯᠲᠠᠨ ᠠᠵᠢᠯᠴᠢᠨ ᠤ ᠠᠵᠢᠯ ᠡᠷᠢᠬᠦ ᠣᠨᠴᠠᠯᠢᠭ ᠲᠠᠢ ᠤᠶᠠᠯᠳᠤᠭᠤᠯᠤᠨ᠂ ᠠᠵᠢᠯᠲᠠᠨ ᠡᠯᠰᠡᠬᠦ ᠴᠤᠭᠯᠠᠭᠠᠨ ᠨᠢ ᠬᠥᠭᠵᠢᠯᠲᠡ ᠲᠣᠭᠲᠠᠭᠤᠨ᠂ ᠠᠰᠠᠷᠠᠮᠵᠢ ᠬᠠᠷᠠᠭᠠᠯᠵᠠᠯ ᠰᠠᠶᠢᠨ ᠠᠵᠤ ᠠᠬᠤᠶᠢᠯᠠᠯ ᠵᠢᠴᠢ ᠠᠵᠢᠯ ᠤᠨ ᠪᠠᠶᠢᠷᠢ ᠶᠢ ᠣᠨᠴᠠᠭᠠᠶᠢᠯᠠᠨ ᠨᠠᠷᠢᠨ ᠰᠣᠩᠭᠤᠵᠤ᠂ ᠮᠠᠯᠴᠢᠨ ᠲᠠᠷᠢᠶᠠᠴᠢᠨ ᠬᠥᠯᠥᠰᠥᠨ ᠠᠵᠢᠯᠴᠢᠨ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠬᠥᠮᠦᠰ ᠵᠡᠷᠭᠡ ᠠᠵᠢᠯ ᠡᠷᠢᠬᠦ ᠰᠠᠨᠠᠭ᠎ᠠ ᠲᠠᠢ ᠬᠥᠮᠦᠰ ᠲᠤ ᠨᠠᠷᠢᠯᠢᠭ ᠣᠨᠣᠴᠠᠲᠠᠶ ᠪᠠᠷ ᠬᠦᠷᠭᠡᠨ ᠥᠭᠴᠦ᠂ ᠠᠷᠠᠯᠵᠢᠶ᠎ᠠ ᠬᠤᠳᠠᠯᠳᠤᠭ᠎ᠠ ᠢᠳᠡᠭᠡᠨ ᠤᠮᠳᠠᠭᠠᠨ᠂ ᠬᠡᠲᠦ ᠳᠡᠯᠭᠡᠭᠦᠷ ᠤᠨ ᠪᠠᠷᠠᠭᠠᠨ ᠤ ᠭᠦᠢᠯᠭᠡᠭᠡ᠂ ᠠᠳᠠᠯ ᠠᠬᠤᠶ ᠨᠠᠰᠤᠵᠢᠯ ᠤᠨ ᠠᠰᠠᠷᠠᠮᠵᠢ᠂ ᠬᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠶᠢ ᠪᠠᠭᠲᠠᠭᠠᠭᠰᠠᠨ ᠠᠳᠠᠯᠢ ᠪᠤᠰᠤ ᠬᠦᠷᠢᠶ᠎ᠡ ᠴᠠᠷᠠᠭ᠎ᠠ ᠶᠢᠨ 500 ᠭᠠᠷᠤᠶ ᠠᠵᠢᠯ ᠤᠨ ᠪᠠᠶᠢᠷᠢ ᠬᠠᠩᠭᠠᠵᠤ᠂ ᠲᠡᠵᠢᠭᠡᠨ ᠦᠷᠡᠵᠢᠭᠦᠯᠬᠦ ᠮᠡᠷᠭᠡᠵᠢᠯᠲᠡᠨ᠂ ᠠᠵᠢᠯᠯᠠᠭᠤᠯᠬᠤ ᠠᠵᠢᠯᠴᠢᠨ ᠵᠡᠷᠭᠡ ᠣᠯᠠᠨ ᠠᠵᠢᠯ ᠲᠥᠷᠥᠯ ᠳᠤ ᠬᠤᠯᠪᠣᠭᠳᠠᠨ᠂ ᠠᠳᠠᠯᠢ ᠪᠤᠰᠤ ᠲᠥᠷᠥᠯ ᠬᠡᠯᠪᠡᠷᠢ ᠶᠢᠨ ᠠᠵᠢᠯ ᠡᠷᠢᠭᠰᠡᠳ ᠤᠨ ᠠᠵᠢᠯ ᠤᠯᠬᠤ ᠬᠡᠷᠡᠭᠴᠡᠭᠡ ᠶᠢ ᠬᠠᠩᠭᠠᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠳᠤ ᠴᠢᠨᠠᠷ ᠰᠠᠶᠢᠲᠠᠶ ᠠᠵᠢᠯ ᠤᠯᠬᠤ ᠲᠣᠬᠢᠶᠠᠯ ᠬᠠᠩᠭᠠᠭᠰᠠᠨ ᠪᠠᠶᠢᠨ᠎ᠠ᠃ ᠡᠭᠦᠨ ᠤ ᠵᠡᠷᠭᠡ ᠳᠤ ᠪᠠᠰᠠ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠠᠷᠭ᠎ᠠ ᠵᠠᠮ ᠢ ᠨᠡᠭᠡᠭᠡᠵᠦ᠂ ᠠᠵᠢᠯ ᠡᠷᠢᠭᠰᠡᠳ ᠬᠤᠶᠠᠷ ᠬᠡᠮᠵᠢᠯᠳᠦ ᠺᠤᠳ᠋ ᠢ ᠰᠢᠷᠪᠢᠵᠦ ᠵᠢᠵᠢᠭ ᠫᠷᠤᠭ᠍ᠷᠠᠮ ᠳᠤ ᠤᠷᠤᠵᠤ᠂ ᠨᠠᠩ ᠣᠯᠠᠨ ᠠᠵᠢᠯ ᠤᠨ ᠪᠠᠶᠢᠷᠢ ᠶᠢ ᠰᠣᠩᠭᠤᠵᠤ ᠪᠣᠯᠤᠨ᠎ᠠ᠃
     ᠠᠵᠢᠯᠲᠠᠨ ᠡᠯᠰᠡᠬᠦ ᠠᠵᠢᠯᠯᠠᠭ᠎ᠠ ᠶᠢᠨ ᠠᠬᠤᠶ ᠲᠠᠯᠠᠪᠠᠶ ᠶᠢᠨ ᠠᠭᠤᠷ ᠠᠮᠢᠰᠬᠤᠯ ᠬᠥᠭᠵᠢᠶᠡᠨᠲᠡᠶ ᠪᠠᠶᠢᠵᠤ᠂ ᠴᠥᠭᠡᠨ ᠪᠤᠰᠤ ᠠᠵᠢᠯ ᠡᠷᠢᠭᠰᠡᠳ ᠠᠵᠤ ᠠᠬᠤᠶᠢᠯᠠᠯ ᠤᠨ ᠠᠵᠢᠯᠲᠠᠨ ᠡᠯᠰᠡᠬᠦ ᠲᠠᠶᠢᠰᠠᠨ ᠤ ᠡᠮᠦᠨ᠎ᠡ ᠬᠤᠶᠢᠨ᠎ᠠ ᠬᠤᠶᠢᠨ᠎ᠠ ᠠᠴᠠ ᠪᠠᠨ ᠲᠣᠭᠤᠷᠢᠨ ᠦᠵᠡᠵᠦ᠂ ᠠᠵᠤ ᠠᠬᠤᠶᠢᠯᠠᠯ ᠤᠨ ᠲᠦᠢᠮᠣ ᠪᠠᠶᠢᠳᠠᠯ᠂ ᠠᠵᠢᠯ ᠤᠨ ᠪᠠᠶᠢᠷᠢ ᠶᠢᠨ ᠨᠥᠬᠦᠴᠡᠯ᠂ ᠴᠠᠯᠢᠩ ᠠᠰᠠᠷᠠᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠠᠵᠤ ᠠᠬᠤᠶᠢᠯᠠᠯ ᠤᠨ ᠠᠵᠢᠯᠲᠠᠨ ᠡᠯᠰᠡᠬᠦ ᠠᠵᠢᠯᠴᠢᠨ ᠬᠠᠯᠠᠭᠤᠨ ᠢᠶᠠᠷ ᠬᠦᠯᠢᠶᠡᠨ ᠠᠪᠴᠤ᠂ ᠠᠵᠢᠯ ᠡᠷᠢᠭᠰᠡᠳ ᠤᠨ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠵᠤ ᠪᠠᠶᠢᠪᠠ᠃
     ᠲᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠬᠢᠨ ᠠᠮᠢᠳᠤᠯᠢᠭ ᠤᠯᠠᠨ ᠶᠠᠩᠵᠤ ᠶᠢᠨ ᠠᠷᠭ᠎ᠠ ᠬᠡᠯᠪᠡᠷᠢ ᠪᠠᠷ ᠡᠯ᠎ᠡ ᠲᠦᠷᠦᠯ ᠤᠨ ᠠᠵᠢᠯᠲᠠᠨ ᠡᠯᠰᠡᠬᠦ ᠴᠤᠭᠯᠠᠭᠠᠨ ᠢ ᠥᠷᠨᠢᠭᠦᠯᠵᠦ᠂ ᠠᠵᠤ ᠠᠬᠤᠶᠢᠯᠠᠯ ᠪᠣᠯᠤᠨ ᠬᠥᠳᠡᠯᠮᠦᠷᠢᠴᠢᠳ ᠲᠤ ᠰᠡᠳᠬᠢᠯ ᠵᠢᠷᠦᠬᠡ ᠪᠠᠨ ᠬᠤᠯᠪᠣᠬᠤ᠂ ᠭᠠᠷ ᠭᠠᠷ ᠢᠶᠠᠨ ᠬᠤᠯᠪᠣᠯᠴᠠᠬᠤ᠂ ᠠᠵᠢᠯ ᠤᠨ ᠪᠠᠶᠢᠷᠢ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠠᠶᠢᠨ ᠦᠢᠯᠡᠴᠢᠯᠡᠵᠦ᠂ ᠬᠤᠳᠠ ᠬᠥᠳᠡᠭᠡ ᠶᠢᠨ ᠠᠵᠢᠯ ᠡᠷᠢᠭᠰᠡᠳ ᠤᠨ ᠲᠤᠬᠠᠢ ᠶᠢᠨ ᠭᠠᠵᠠᠷ ᠲᠠᠭᠠᠨ ᠤᠢᠢᠷ᠎ᠠ ᠬᠠᠪᠢ ᠳᠠᠭᠠᠨ ᠠᠵᠢᠯ ᠤᠯᠬᠤ ᠶᠢ ᠪᠡᠶᠡᠯᠡᠭᠦᠯᠬᠦ ᠳᠤ ᠨᠡᠩ ᠰᠠᠶᠢᠨ ᠦᠢᠯᠡᠴᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠠᠰᠤᠷᠠᠯᠳᠡ ᠦᠭᠡᠢ ᠬᠦᠴᠦᠨ ᠨᠡᠮᠡᠷᠢᠯᠡᠨ᠎ᠡ᠃
             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号