ᠤᠢᠢᠷ᠎ᠠ ᠶᠢᠨ ᠵᠢᠯ ᠤᠨ ᠲᠤᠷᠰᠢ᠂ ᠢᠦᠢ ᠴᠢᠤᠸᠠᠨ ᠲᠣᠭᠤᠷᠢᠭ ᠲᠥᠷᠥᠯᠬᠢ ᠡᠬᠢ ᠪᠠᠶᠠᠯᠢᠭ ᠢᠶᠠᠷ ᠰᠠᠭᠤᠷᠢ | ᠪᠣᠯᠭᠠᠵᠤ᠂ ᠲᠡᠦᠬᠡ ᠰᠣᠶᠣᠯ ᠤᠨ ᠡᠬᠢ ᠪᠠᠶᠠᠯᠢᠭ ᠢ ᠭᠦᠨ ᠠᠭᠤᠳᠠᠯᠵᠤ᠂ ︽ᠰᠤᠶᠤᠯ ᠢ ᠳᠡᠭᠡᠳᠦᠯᠡᠬᠦ︾ ᠢᠦᠢ | ᠴᠢᠤᠸᠠᠨ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠠᠢ᠃ ᠭᠡᠪᠡᠴᠦ ᠲᠡᠤᠬᠡ ᠶᠢᠨ ᠲᠥᠯᠥᠪᠵᠢᠭᠦᠯᠭᠡ ᠵᠡᠷᠭᠡ | ᠰᠢᠯᠲᠠᠭᠠᠨ ᠠᠴᠠ ᠪᠣᠯᠵᠣ᠂ ᠭᠤᠤᠯ ᠪᠣᠯᠬᠤ ᠬᠤᠲᠠ ᠶᠢᠨ ᠲᠣᠭᠤᠷᠢᠭ ᠤᠨ ᠬᠡᠪᠴᠢᠶᠡᠨ ᠳᠤ ᠬᠡᠷᠡᠭᠯᠡᠵᠦ ᠪᠣᠯᠬᠤ | ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠨᠡᠯᠢᠶᠡᠳ ᠴᠦᠬᠡᠨ ᠪᠠᠶᠢᠵᠤ᠂ ︽ᠥᠯᠥ | ᠣᠨᠣᠭᠳᠠᠬᠤ ᠭᠠᠵᠠᠷ︾ ᠤᠨ ᠬᠡᠷᠡᠭᠯᠡᠬᠦ ᠭᠠᠵᠠᠷ ᠬᠠᠷᠠᠬᠠᠨ ᠨᠡᠭᠡᠭᠡᠨ ᠠᠰᠢᠭᠯᠠᠭᠠᠳᠤᠶ ᠪᠠᠶᠢᠵᠤ᠂ ︽ᠰᠤᠶᠤᠯ ᠢ | ᠳᠡᠭᠡᠳᠦᠯᠡᠬᠦ︾ ᠬᠤᠲᠠ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠵᠣᠬᠢᠬᠤ ᠬᠡᠮᠵᠢᠶ᠎ᠡ ᠪᠠᠷ ᠬᠢᠵᠠᠭᠠᠷᠯᠠᠵᠤ | ᠪᠠᠶᠢᠬᠤ ᠶᠢᠨ ᠵᠡᠷᠭᠡ ᠳᠤ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ ᠳᠤᠷ᠎ᠠ ᠪᠠᠷ ᠢᠶᠠᠨ ᠵᠣᠭᠰᠣᠭᠠᠬᠤ᠂ ᠵᠣᠭᠰᠣᠭᠠᠬᠤ | ᠭᠠᠵᠠᠷ ᠥᠬᠡᠶ ᠪᠠᠶᠢᠬᠤ ᠠᠰᠠᠭᠤᠳᠠᠯ ᠨᠢ ᠠᠯᠬᠤᠮ ᠠᠯᠬᠤᠮ ᠢᠶᠠᠷ ᠰᠢᠨ᠎ᠡ ︽ᠬᠤᠲᠠ ᠶᠢᠨ ᠡᠪᠡᠳᠴᠢᠨ︾ ᠪᠣᠯᠵᠣ᠂ | ᠣᠯᠠᠨ ᠲᠦᠮᠡᠨ ᠳᠤ ᠵᠢᠮᠡᠯᠡᠭᠳᠡᠭᠡᠳ ᠤᠳᠠᠵᠤ ᠪᠠᠶᠢᠨ᠎ᠠ᠃ | | | | | ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠡᠲᠡᠭᠡᠷ ︽ᠬᠦᠴᠢᠷ | ᠠᠰᠠᠭᠤᠳᠠᠯ︾ ᠳᠤ ᠴᠢᠭᠯᠡᠭᠦᠯᠦᠨ᠂ ︽ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠵᠠᠶ ᠵᠠᠪᠰᠠᠷ ᠭᠠᠷᠭᠠᠬᠤ᠂ ᠲᠡᠷᠭᠡ | ᠵᠣᠭᠰᠣᠭᠠᠬᠤ ᠶᠢ ᠬᠠᠮᠲᠤ ᠪᠠᠷ ᠡᠳ᠋ᠯᠡᠬᠦ︾ ᠰᠢᠨ᠎ᠡ ᠶᠢ ᠡᠭᠦᠳᠬᠦ ᠰᠡᠳᠬᠢᠮᠵᠢ ᠶᠢ ᠲᠣᠭᠲᠠᠭᠠᠵᠤ᠂ ᠪᠦᠲᠦᠭᠡᠯᠴᠢ | ᠴᠢᠨᠠᠷᠲᠠᠶ ᠪᠠᠷ ᠠᠵᠢᠯ ᠢᠶᠠᠨ ᠥᠷᠨᠢᠭᠦᠯᠪᠡ᠃ ᠨᠢᠭᠡ ᠲᠠᠯ᠎ᠠ ᠪᠠᠷ ᠦᠵᠡᠮᠵᠢ ᠶᠢᠨ ᠴᠡᠭ ᠤᠨ ᠡᠷᠬᠢᠨ ᠲᠣᠭᠤᠷᠢᠨ ᠤ | ᠵᠠᠮ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠲᠡᠷᠭᠡ ᠵᠣᠭᠰᠣᠭᠠᠬᠤ ᠭᠠᠵᠠᠷ ᠢ ᠵᠠᠭᠠᠭᠯᠠᠨ ᠵᠢᠷᠤᠭᠰᠠᠨ | ᠵᠠᠮ ᠤᠨ ᠬᠡᠰᠡᠭ ᠲᠤ᠂ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠰᠦᠢᠳᠭᠡᠯ ᠬᠤᠷᠢᠶᠠᠬᠤ | ᠥᠬᠡᠶ ᠪᠠᠷ ᠲᠡᠷᠭᠡ ᠵᠣᠭᠰᠣᠭᠠᠬᠤ ᠭᠠᠵᠠᠷ ᠢ ᠵᠠᠭᠠᠭᠯᠠᠨ ᠵᠢᠷᠤᠭᠰᠠᠨ ᠪᠥᠭᠡᠳ ᠣᠲᠣ ᠪᠣᠯᠲᠠᠯ᠎ᠠ ᠨᠡᠶᠢᠲᠡ 50 ᠭᠠᠷᠤᠶ | ᠲᠡᠷᠭᠡ ᠵᠣᠭᠰᠣᠭᠠᠬᠤ ᠭᠠᠵᠠᠷ ᠢ ᠵᠠᠭᠠᠭᠯᠠᠨ ᠵᠢᠷᠤᠭᠰᠠᠨ ᠪᠠᠶᠢᠨ᠎ᠠ᠃ ᠨᠥᠭᠦᠭᠡ ᠲᠠᠯ᠎ᠠ ᠪᠠᠷ ᠦᠵᠡᠮᠵᠢ ᠶᠢᠨ ᠣᠷᠣᠨ ᠤ | ᠡᠷᠬᠢᠨ ᠲᠣᠭᠤᠷᠢᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠵᠣᠬᠢᠴᠠᠭᠤᠯᠬᠤ ᠡᠷᠴᠢᠮ ᠢ | ᠴᠢᠩᠭᠠᠷᠠᠭᠤᠯᠵᠤ᠂ ᠴᠠᠭ ᠵᠦᠷᠢᠭᠦᠯᠦᠨ ᠨᠡᠭᠡᠭᠡᠬᠦ᠂ ᠲᠡᠷᠭᠡᠨ ᠵᠣᠭᠰᠣᠭᠠᠯ ᠢ ᠬᠠᠮᠲᠤ ᠪᠠᠷ ᠡᠳ᠋ᠯᠡᠬᠦ ᠠᠷᠭ᠎ᠠ ᠮᠠᠶ᠋ᠢᠭ ᠢ | ᠠᠪᠴᠤ᠂ ᠨᠡᠶᠢᠲᠡ 80 ᠭᠠᠷᠤᠶ ᠲᠡᠷᠭᠡᠨ ᠵᠣᠭᠰᠣᠭᠠᠯ ᠢ ᠰᠤᠯᠠᠯᠠᠵᠤ᠂ ᠦᠵᠡᠮᠵᠢ ᠶᠢᠨ ᠣᠷᠣᠨ ᠤ ᠡᠷᠬᠢᠨ | ᠲᠣᠭᠤᠷᠢᠨ ᠤ ︽ᠲᠡᠷᠭᠡ ᠵᠣᠭᠰᠣᠭᠠᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠶᠡᠭᠡ ᠪᠠᠷ ᠨᠠᠮᠳᠠᠭᠤᠯᠪᠠ᠃ | | | | | ᠳᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠬᠤᠲᠠ ᠶᠢᠨ ᠬᠠᠮᠢᠶᠠᠷᠤᠯᠲᠠ ᠶᠢᠨ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ ᠳᠠᠪᠠᠭᠤᠯᠢᠭ ᠢᠶᠠᠨ | ᠢᠳᠡᠪᠬᠢᠲᠡᠶ ᠪᠠᠳᠠᠷᠠᠭᠤᠯᠵᠤ᠂ ᠪᠠᠶᠢᠴᠠᠭᠠᠨ ᠰᠤᠳᠤᠯᠤᠯᠲᠠ ᠶᠢᠨ ᠠᠵᠢᠯ ᠢ ᠭᠦᠨᠵᠡᠭᠡᠶ ᠥᠷᠨᠢᠭᠦᠯᠵᠦ᠂ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠬᠠᠨᠳᠤᠰᠢ ᠳᠤᠨᠢ ᠲᠣᠬᠢᠷᠠᠭᠤᠯᠤᠨ ᠴᠢᠳᠠᠮᠠᠭᠠᠶ ᠪᠠᠷ | ᠵᠢᠯᠣᠭᠤᠳᠬᠤ ᠵᠠᠷᠴᠢᠮ ᠢ ᠪᠠᠷᠢᠮᠲᠠᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ | ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠲᠤ ᠡᠵᠡᠮᠳᠡᠵᠦ᠂ ᠨᠡᠪᠲᠡᠷᠡᠭᠦᠯᠬᠦ | ᠪᠠ ᠪᠥᠭᠯᠡᠬᠦ ᠶᠢ ᠤᠶᠠᠯᠳᠤᠭᠤᠯᠤᠨ᠂ ᠨᠡᠪᠲᠡᠷᠡᠭᠦᠯᠬᠦ ᠪᠠᠷ ᠭᠤᠤᠯ ᠪᠣᠯᠭᠠᠵᠤ᠂ ᠦᠢᠯᠡᠴᠢᠯᠡᠭᠡᠨ ᠤ ᠴᠢᠳᠠᠪᠤᠷᠢ ᠪᠠ ᠬᠢᠷᠢ | ᠲᠦᠪᠰᠢᠨ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠂ ︽ᠰᠤᠶᠤᠯ ᠢ ᠳᠡᠭᠡᠳᠦᠯᠡᠬᠦ︾ ᠬᠤᠲᠠ ᠶᠢᠨ | ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |