ᠦᠰᠦᠭ ᠪᠢᠴᠢᠭ ᠤᠨ ᠲᠠᠶᠢᠯᠤᠮᠵᠢ᠄ ︽ᠢᠦᠶ ᠴᠢᠤᠸᠠᠨ ᠲᠣᠭᠤᠷᠢᠭ ᠤᠨ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠶᠢᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/7
     ᠨᠢᠭᠡ᠂ ᠲᠥᠰᠦᠯ ᠢ ᠲᠣᠭᠲᠠᠭᠠᠭᠰᠠᠨ ᠠᠬᠤᠶ ᠪᠠᠶᠢᠳᠠᠯ      ᠶᠡᠷᠦᠩᠬᠡᠶ ᠱᠦᠵᠢ ᠰᠢ ᠶᠢᠨ ᠫᠢᠩ ᠤᠨ ᠬᠤᠨᠠᠨ ᠤ ᠴᠠᠩᠱᠠ ᠶᠢᠨ ᠰᠠᠭᠤᠭᠠᠯᠢ ᠠᠷᠠᠳ ᠤᠨ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ ᠨᠤᠷᠠᠭᠰᠠᠨ ᠠᠳᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠵᠢᠴᠢ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ ᠤᠨ ᠲᠤᠬᠠᠶ ᠬᠤᠲᠠ ᠶᠢᠨ ᠵᠠᠰᠠᠭ ᠤᠨ ᠣᠷᠳᠣᠨ ᠤ ᠮᠡᠳᠡᠭᠳᠡᠯ ᠶᠣᠰᠣᠭᠠᠷ᠂ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠮᠠᠨ ᠤ  ᠲᠤᠭᠤᠷᠢᠭ ᠲᠤ ᠡᠶᠢᠮᠦᠷᠬᠦ ᠠᠳᠡᠯ ᠭᠠᠷᠬᠤ ᠶᠢ ᠡᠷᠡᠰ ᠬᠤᠷᠢᠭᠯᠠᠵᠤ᠂ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠬᠤᠶᠠᠷ᠂ ᠲᠥᠰᠦᠯ ᠤᠨ ᠭᠤᠤᠯ ᠠᠭᠤᠯᠭ᠎ᠠ      ︵ᠨᠢᠭᠡ︶ ᠵᠢᠭᠰᠠᠭᠠᠨ ᠪᠠᠶᠢᠴᠠᠭᠠᠬᠤ ᠬᠦᠷᠢᠶ᠎ᠡ ᠬᠡᠪᠴᠢᠶ᠎ᠡ᠃ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠬᠠᠤᠯᠢ ᠶᠢ ᠵᠥᠷᠢᠴᠡᠨ ᠪᠦᠲᠦᠭᠡᠨ ᠪᠠᠶᠢᠭᠤᠯᠬᠤ ᠪᠠ ᠬᠠᠤᠯᠢ ᠲᠣᠭᠲᠠᠭᠠᠯ ᠢ ᠵᠥᠷᠢᠴᠡᠨ ᠬᠢᠨᠠᠨ ᠵᠥᠪᠰᠢᠶᠡᠷᠡᠵᠦ ᠢᠯᠭᠠᠷᠠᠭᠤᠯᠤᠨ ᠪᠠᠶᠢᠴᠠᠭᠠᠬᠤ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠪᠠᠶᠢᠭᠤᠯᠤᠭᠰᠠᠨ ᠲᠣᠭᠤᠷᠢᠭ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠰᠤᠷᠭᠠᠭᠤᠯᠢ ᠵᠢᠴᠢ ᠦᠵᠡᠮᠵᠢ ᠶᠢᠨ ᠣᠷᠣᠨ ᠤ ᠡᠷᠬᠢᠨ ᠲᠣᠭᠤᠷᠢᠨ ᠵᠡᠷᠭᠡ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠤᠳᠠᠯ᠂ ᠬᠤᠭᠤᠯᠠᠨ ᠭᠡᠷ᠂ ᠪᠠᠭᠤᠳᠠᠯ᠂ ᠲᠠᠷᠢᠶᠠᠴᠢᠨ ᠠᠶᠢᠯ ᠤᠨ ᠵᠤᠭᠠᠴᠠᠯ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ ᠨᠠᠰᠤᠲᠠᠨ ᠢ ᠠᠰᠠᠷᠠᠬᠤ ᠬᠦᠷᠢᠶᠡᠯᠡᠩ᠂ ᠵᠢᠵᠢᠭ ᠬᠤᠭᠤᠯᠠᠨ ᠰᠢᠷᠡᠭᠡ᠂ ᠬᠡᠤᠬᠡᠳ ᠤᠨ ᠴᠡᠴᠡᠷᠯᠢᠭ ᠵᠡᠷᠭᠡ ᠬᠦᠮᠦᠨ ᠬᠠᠷ᠎ᠠ ᠤᠯᠠᠨ ᠴᠤᠭᠯᠠᠷᠠᠭᠰᠠᠨ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠡᠵᠡᠩᠨᠡᠯᠲᠡ ᠶᠢᠨ ᠴᠢᠨᠠᠷᠲᠠᠶ ᠥᠪᠡᠷᠲᠡᠭᠡᠨ ᠪᠠᠶᠢᠭᠤᠯᠤᠭᠰᠠᠨ ᠬᠡᠷ ᠢ ᠳᠤᠪᠤᠶᠢᠯᠭᠠᠨ᠎ᠠ᠃ ᠡᠭᠦᠨ ᠤ  ᠬᠠᠮᠲᠤ᠂ ᠦᠢᠯᠡᠳᠪᠦᠷᠢᠯᠡᠵᠦ ᠡᠵᠡᠩᠨᠡᠬᠦ ᠳᠤ ᠬᠡᠷᠡᠭᠯᠡᠬᠦ ᠲᠥᠷ ᠴᠠᠭ ᠤᠨ ᠪᠠᠷᠢᠯᠭ᠎ᠠ ᠳᠤ ᠠᠮᠤᠷ ᠲᠦᠪᠰᠢᠨ ᠤ ᠲᠠᠯᠳᠠ ᠭᠡᠮ ᠤᠨ ᠲᠤᠰᠬᠠᠶ ᠵᠦᠢᠯ ᠤᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠶ᠃      ︵ᠬᠤᠶᠠᠷ︶ ᠵᠢᠭᠰᠠᠭᠠᠨ ᠪᠠᠶᠢᠴᠠᠭᠠᠬᠤ ᠠᠭᠤᠯᠭ᠎ᠠ᠃ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ ᠤᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠬᠠᠤᠯᠢ ᠶᠣᠰᠣᠨ ᠤ ᠪᠠ ᠲᠣᠭᠲᠠᠭᠠᠯ ᠳᠤ ᠨᠡᠶᠢᠴᠡᠬᠦ ᠴᠢᠨᠠᠷ ︵ᠭᠠᠵᠠᠷ ᠰᠢᠷᠣᠶ᠂ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠵᠡᠷᠭᠡ ᠭᠠᠷᠳᠠᠮ ᠢ ᠭᠦᠢᠴᠡᠳᠭᠡᠭᠰᠡᠨ ᠪᠠᠶᠢᠳᠠᠯ︶᠂ ᠪᠦᠲᠦᠴᠡ ᠶᠢᠨ ᠠᠮᠤᠷ ᠲᠦᠪᠰᠢᠨ ᠤ ᠴᠢᠨᠠᠷ ︵ᠵᠢᠷᠤᠵᠤ ᠲᠥᠯᠥᠪᠯᠡᠭᠰᠡᠨ᠂ ᠪᠠᠷᠢᠯᠭ᠎ᠠ ᠪᠠᠷᠢᠭᠰᠠᠨ᠂ ᠬᠡᠷᠡᠭᠯᠡᠭᠰᠡᠨ ᠪᠠᠶᠢᠳᠠᠯ︶᠂ ᠡᠵᠡᠩᠨᠡᠯᠲᠡ ᠶᠢᠨ ᠠᠮᠤᠷ ᠲᠦᠪᠰᠢᠨ ᠤ ᠴᠢᠨᠠᠷ ︵ᠬᠠᠮᠢᠶ᠎ᠠ ᠪᠥᠬᠦᠶ ᠡᠵᠡᠩᠨᠡᠯᠲᠡ ᠶᠢᠨ ᠵᠥᠪᠰᠢᠶᠡᠷᠡᠯ᠂ ᠲᠠᠯᠠᠪᠤᠷ ᠭᠠᠵᠠᠷ ᠤᠨ ᠠᠮᠤᠷ ᠲᠦᠪᠰᠢᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ︶᠂ ᠭᠠᠯ ᠤᠨᠲᠠᠷᠠᠭᠠᠬᠤ ᠠᠮᠤᠷ ᠲᠦᠪᠰᠢᠨ ᠤ ᠴᠢᠨᠠᠷ ︵ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠰᠢᠯᠭᠠᠨ ᠠᠪᠬᠤ᠂ ᠬᠠᠮᠠᠭᠠᠯᠠᠬᠤ᠂ ᠬᠡᠷᠡᠭᠯᠡᠬᠦ ᠵᠡᠷᠭᠡ︶ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ︔ ᠬᠡᠷ ᠪᠠᠶᠢᠰᠢᠩ ᠤᠨ ᠬᠡᠷᠡᠭᠯᠡᠯᠲᠡ ᠶᠢᠨ ᠴᠢᠳᠠᠮᠵᠢ᠂ ᠪᠦᠲᠦᠴᠡ ᠶᠢᠨ ᠪᠠᠶᠢᠷᠢᠰᠢᠭᠤᠯᠤᠯᠲᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠵᠢᠴᠢ ᠬᠠᠤᠯᠢ ᠶᠢ ᠵᠥᠷᠢᠴᠡᠨ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ᠂ ᠳᠠᠪᠬᠤᠷᠭ᠎ᠠ ᠶᠢ ᠨᠡᠮᠡᠭᠰᠡᠨ ᠪᠠ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠮᠠᠯᠲᠠᠭᠰᠠᠨ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ᠃ ᠲᠣᠰ ᠤᠳᠠᠭᠠᠨ ᠤ ᠥᠪᠡᠷᠲᠡᠭᠡᠨ ᠪᠠᠶᠢᠭᠤᠯᠤᠭᠰᠠᠨ ᠭᠡᠷ ︵ᠳᠠᠷᠤᠢ᠄ ᠵᠢᠩᠬᠢᠨᠢ ᠪᠠᠷ ᠬᠢᠨᠠᠨ ᠵᠥᠪᠰᠢᠶᠡᠷᠡᠭᠰᠡᠨ ᠦᠭᠡᠶ᠂ ᠬᠢᠷᠢ ᠬᠡᠮ ᠤᠨ ᠵᠢᠷᠤᠭ ᠲᠥᠯᠥᠪᠯᠡᠭᠡ ᠬᠢᠭᠰᠡᠨ ᠦᠭᠡᠶ᠂ ᠬᠢᠷᠢ ᠬᠡᠮ ᠤᠨ ᠪᠠᠷᠢᠯᠭ᠎ᠠ ᠪᠠᠷᠢᠭᠰᠠᠨ ᠦᠭᠡᠶ᠂ ᠪᠠᠷᠢᠯᠭ᠎ᠠ ᠳᠠᠭᠤᠰᠴᠤ ᠰᠢᠯᠭᠠᠨ ᠠᠪᠤᠭᠰᠠᠨ ᠦᠭᠡᠶ ᠥᠮᠴᠢᠯᠡᠯ ᠤᠨ ᠡᠷᠬᠡᠲᠦ ᠬᠥᠮᠦᠨ ᠤ ᠥᠪᠡᠷ ᠢᠶᠠᠨ ᠵᠣᠬᠢᠶᠠᠨ ᠪᠠᠶᠢᠭᠤᠯᠵᠤ ᠪᠠᠶᠢᠭᠤᠯᠤᠭᠰᠠᠨ ᠭᠡᠷ ᠪᠠᠶᠢᠰᠢᠩ ᠤᠨ ᠪᠠᠷᠢᠯᠭ᠎ᠠ︶ ᠶᠢ ᠲᠤᠰᠬᠠᠶ ᠵᠦᠢᠯ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠬᠠᠤᠯᠢ ᠶᠢ ᠵᠥᠷᠢᠴᠡᠨ ᠪᠦᠲᠦᠭᠡᠨ ᠪᠠᠶᠢᠭᠤᠯᠬᠤ ᠪᠠ ᠬᠠᠤᠯᠢ ᠲᠣᠭᠲᠠᠭᠠᠯ ᠢ ᠵᠥᠷᠢᠴᠡᠨ ᠬᠢᠨᠠᠨ ᠵᠥᠪᠰᠢᠶᠡᠷᠡᠵᠦ ᠢᠯᠭᠠᠷᠠᠭᠤᠯᠤᠨ ᠪᠠᠶᠢᠴᠠᠭᠠᠬᠤ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠬᠤᠲᠠ ᠶᠢᠨ ᠲᠣᠭᠤᠷᠢᠭ᠂ ᠲᠠᠷᠢᠶᠠᠯᠠᠬᠤ ᠣᠷᠣᠨ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠳᠦᠭᠦᠮ ᠪᠦᠲᠦᠴᠡᠲᠦ ᠤᠷᠤᠨ ᠰᠠᠭᠤᠴᠠ ᠶᠢ ᠥᠭᠡᠷᠡᠴᠢᠯᠡᠬᠦ ᠲᠣᠭᠤᠷᠢᠭ᠂ ᠰᠤᠷᠭᠠᠭᠤᠯᠢ ᠵᠢᠴᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠷᠬᠢᠨ ᠲᠣᠭᠤᠷᠢᠨ ᠵᠡᠷᠭᠡ ᠬᠥᠮᠦᠨ ᠣᠯᠠᠨ ᠲᠥᠪᠯᠡᠷᠡᠭᠰᠡᠨ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ ᠤᠨ ᠣᠷᠣᠰᠢᠵᠤ ᠪᠠᠶᠢᠭ᠎ᠠ ᠬᠡᠷ ᠪᠠᠶᠢᠰᠢᠩ ᠤᠨ ᠬᠡᠷᠡᠭᠯᠡᠭᠡᠨ ᠤ ᠴᠢᠳᠠᠮᠵᠢ᠂ ᠪᠦᠲᠦᠴᠡ ᠶᠢᠨ ᠪᠠᠶᠢᠷᠢᠰᠢᠭᠤᠯᠤᠯᠲᠠ ᠶᠢ ᠳᠤᠷ᠎ᠠ ᠪᠠᠷ ᠢᠶᠠᠨ ᠬᠤᠪᠢᠷᠠᠭᠤᠯᠬᠤ ᠵᠢᠴᠢ ᠬᠠᠤᠯᠢ ᠶᠢ ᠵᠥᠷᠢᠴᠡᠨ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠳᠠᠪᠬᠤᠷᠭ᠎ᠠ ᠶᠢ ᠨᠡᠮᠡᠬᠦ ᠪᠠ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠮᠠᠯᠲᠠᠬᠤ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃      1. ᠥᠪᠡᠷᠲᠡᠭᠡᠨ ᠰᠠᠭᠤᠷᠢᠰᠢᠬᠤ ᠲᠥᠷᠥᠯ᠃ ᠬᠤᠪᠢ ᠬᠥᠮᠦᠨ ᠤ ᠰᠠᠭᠤᠵᠤ ᠪᠠᠶᠢᠭ᠎ᠠ ᠨᠢ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ᠃      2. ᠪᠦᠯᠦᠭ ᠢᠶᠠᠷ ᠲᠦᠷᠢᠶᠡᠰᠦᠯᠡᠬᠦ ᠲᠦᠷᠦᠯ᠃ ᠭᠡᠷ ᠪᠠᠶᠢᠰᠢᠩ ᠤᠨ ᠪᠦᠲᠦᠴᠡ ᠪᠠ ᠬᠠᠪᠲᠠᠭᠠᠶ ᠪᠠᠶᠢᠷᠢᠰᠢᠯ ᠢ ᠥᠭᠡᠷᠡᠴᠢᠯᠡᠵᠦ᠂ ᠬᠦᠷᠢᠶᠡᠨ ᠳᠣᠲᠣᠷᠠᠬᠢ ᠭᠡᠷ ᠪᠠᠶᠢᠰᠢᠩ ᠢ ᠰᠠᠯᠭᠠᠨ ᠡᠳᠦᠶ ᠲᠡᠳᠦᠶ ᠵᠢᠵᠢᠭ ᠲᠠᠰᠤᠯᠭ᠎ᠠ ᠪᠤᠯᠭᠠᠨ ᠦᠭᠡᠷᠡᠴᠢᠯᠡᠨ ᠪᠠᠶᠢᠭᠤᠯᠵᠤ᠂ ᠲᠤᠰ ᠲᠤᠰ ᠲᠤᠨᠢ ᠲᠠᠰᠤᠯᠭ᠎ᠠ ᠪᠠᠷ ᠨᠢ ᠲᠦᠷᠢᠶᠡᠰᠦᠯᠡᠭᠦᠯᠬᠦ ᠪᠤᠶᠤ ᠣᠷᠣ ᠪᠠᠷ ᠨᠢ ᠲᠦᠷᠢᠶᠡᠰᠦᠯᠡᠭᠦᠯᠬᠦ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ᠃      3. ᠡᠩ ᠤᠨ ᠡᠵᠡᠩᠨᠡᠯᠲᠡ ᠶᠢᠨ ᠲᠦᠷᠦᠯ᠃ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠦᠢᠯᠡᠳᠪᠦᠷᠢᠯᠡᠵᠦ ᠪᠣᠯᠪᠠᠰᠤᠷᠠᠭᠤᠯᠬᠤ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ ᠵᠡᠷᠭᠡ ᠬᠦᠷᠢᠶᠡᠨ ᠳᠠᠬᠢ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ᠃      4.ᠲᠥᠪᠯᠡᠷᠡᠭᠦᠯᠦᠨ ᠡᠵᠡᠩᠨᠡᠬᠦ ᠲᠦᠷᠦᠯ᠃ ᠢᠳᠡᠭᠡᠨ ᠤᠮᠳᠠᠭᠠᠨ ᠤ ᠦᠢᠯᠡᠴᠢᠯᠡᠭᠡ᠂ ᠬᠤᠨᠤᠭ ᠪᠠᠭᠤᠳᠠᠯ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠰᠡᠯᠡᠭᠦᠴᠡᠯ ᠵᠤᠭ᠎ᠠ ᠴᠡᠩᠭᠡᠯ ᠵᠡᠷᠭᠡ ᠬᠦᠷᠢᠶᠡᠨ ᠳᠠᠬᠢ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ᠃      5. ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ᠃ ᠰᠤᠷᠭᠠᠭᠤᠯᠢ᠂ ᠬᠡᠤᠬᠡᠳ ᠤᠨ ᠴᠡᠴᠡᠷᠯᠢᠭ᠂ ᠡᠮᠴᠢᠯᠡᠭᠡᠨ ᠤ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠱᠠᠰᠢᠨ ᠰᠤᠷᠲᠠᠬᠤᠨ ᠤ ᠲᠠᠯᠠᠪᠤᠷ ᠭᠠᠵᠠᠷ ᠵᠡᠷᠭᠡ ᠬᠦᠷᠢᠶ᠎ᠡ ᠴᠠᠷᠠᠭ᠎ᠠ ᠶᠢᠨ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ᠃      6.︽ᠭᠤᠷᠪᠠ ᠶᠢ ᠨᠢᠭᠡᠳᠬᠡᠬᠦ︾ ᠲᠦᠷᠦᠯ᠃ ᠦᠢᠯᠡᠳᠪᠦᠷᠢᠯᠡᠯ᠂ ᠡᠵᠡᠩᠨᠡᠯᠲᠡ᠂ ᠣᠷᠣᠨ ᠰᠠᠭᠤᠴᠠ ᠶᠢᠨ ᠴᠢᠳᠠᠮᠵᠢ ᠨᠢ ᠬᠤᠯᠢᠯᠳᠤᠭᠰᠠᠨ᠂ ᠬᠡᠷᠡᠭᠯᠡᠭᠡᠨ ᠤ ᠬᠡᠷᠡᠭᠴᠡᠭᠡ ᠶᠢ ᠨᠢ ᠬᠤᠪᠢᠷᠠᠭᠤᠯᠤᠭᠰᠠᠨ ᠥᠪᠡᠷᠲᠡᠭᠡᠨ ᠪᠠᠶᠢᠭᠤᠯᠤᠭᠰᠠᠨ ᠭᠡᠷ ᠪᠠᠶᠢᠰᠢᠩ᠃      7.ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠷᠦᠯ᠃ ᠦᠢᠯᠡᠳᠪᠦᠷᠢᠯᠡᠵᠦ ᠪᠣᠯᠪᠠᠰᠤᠷᠠᠭᠤᠯᠬᠤ᠂ ᠠᠵᠢᠯᠯᠠᠵᠤ ᠰᠠᠭᠤᠬᠤ ᠳᠤ ᠬᠡᠷᠡᠭᠯᠡᠬᠦ ᠠᠵᠤ ᠠᠬᠤᠶᠢᠯᠠᠯ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ᠃      8.ᠪᠤᠰᠤᠳ ᠲᠦᠷᠦᠯ᠃ ᠬᠡᠷᠡᠭᠯᠡᠬᠦ ᠴᠢᠳᠠᠮᠵᠢ ᠥᠬᠡᠶ ᠮᠥᠷᠲᠡᠭᠡᠨ ᠣᠷᠳᠣ ᠬᠤᠭᠤᠴᠠᠭ᠎ᠠ ᠪᠠᠷ ᠰᠤᠯᠠ ᠲᠠᠯᠪᠢᠭᠰᠠᠨ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ︔ ᠵᠦᠢ ᠪᠤᠰᠤ ᠠᠰᠢᠭ ᠲᠤᠰᠠ ᠤᠯᠬᠤ ᠪᠠᠷ ᠵᠣᠷᠢᠯᠭ᠎ᠠ ᠪᠣᠯᠭᠠᠭᠰᠠᠨ ︽ᠨᠤᠷᠠᠭᠠᠵᠤ ᠨᠡᠭᠦᠯᠭᠡᠬᠦ ᠪᠠᠷ ᠪᠠᠶᠢᠭ᠎ᠠ ᠭᠡᠷ ᠪᠠᠶᠢᠰᠢᠩ︾ ᠵᠡᠷᠭᠡ ᠪᠣᠯᠤᠨ᠎ᠠ᠃      ︵ᠭᠤᠷᠪᠠ︶ ᠴᠡᠭᠴᠡᠯᠡᠨ ᠵᠠᠰᠠᠬᠤ ᠠᠯᠬᠤᠮ ᠳᠠᠷᠠᠭ᠎ᠠ      ᠲᠠᠶᠢᠴᠢᠯᠠᠨ ᠪᠠᠶᠢᠷᠢᠯᠠᠭᠤᠯᠬᠤ᠂ ᠲᠦᠢᠯᠪᠤᠷᠢᠲᠠᠶ ᠴᠡᠭᠴᠡᠯᠡᠨ ᠵᠠᠰᠠᠬᠤ᠂ ᠪᠠᠬᠢᠵᠢᠭᠦᠯᠦᠨ ᠳᠡᠭᠡᠭᠰᠢᠯᠡᠭᠦᠯᠬᠦ ᠭᠤᠷᠪᠠᠨ ᠭᠤᠭᠴᠤᠭ᠎ᠠ ᠶᠢᠨ ᠲᠣᠭᠤᠷᠢᠨ ᠳᠤ᠂ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠥᠷᠨᠢᠭᠦᠯᠵᠦ᠂ ︽ᠳᠥᠷᠪᠡ ᠶᠢ ᠪᠠᠶᠢᠴᠠᠭᠠᠬᠤ︾ ᠠᠯᠬᠤᠮ ᠳᠠᠷᠠᠭ᠎ᠠ ᠶᠢ ᠨᠠᠶᠢᠳᠠᠪᠤᠷᠢᠵᠢᠭᠤᠯᠤᠨ᠎ᠠ᠃      1. ᠳᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ ︵2022 ᠣᠨ ᠤ 5 ᠳ᠋ᠤᠭᠠᠷ ᠰᠠᠷ᠎ᠠ ᠶᠢᠨ ᠰᠡᠭᠦᠯᠴᠢ︶      2. ︽ᠵᠠᠭᠤᠨ ᠡᠳᠦᠷ ᠤᠨ ᠪᠤᠭᠤᠮᠲᠠ ᠰᠢᠪᠲᠤᠯᠬᠤ︾ ᠱᠠᠲᠤ ᠦᠶ᠎ᠡ ︵2022 ᠣᠨ ᠤ 6 ᠳ᠋ᠤᠭᠠᠷ ᠰᠠᠷ᠎ᠠ —2022 ᠣᠨ ᠤ 9 ᠳ᠋ᠤᠭᠡᠷ ᠰᠠᠷ᠎ᠠ︶      2022 ᠣᠨ ᠤ 6 ᠳ᠋ᠤᠭᠠᠷ ᠰᠠᠷ᠎ᠠ ᠠᠴᠠ 2022 ᠣᠨ ᠤ 9 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠠᠭ᠎ᠠ ᠲᠦᠷᠭᠡᠨ ᠭᠤᠤᠯ ᠪᠠᠯᠭᠠᠰᠤᠨ ᠳᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠳᠠᠷᠦ᠋ᠢᠬᠠᠨ ᠲᠤᠰᠬᠠᠶ ᠬᠥᠮᠦᠨ ᠵᠣᠬᠢᠶᠠᠨ ᠪᠠᠶᠢᠭᠤᠯᠵᠤ ᠲᠤᠰᠬᠠᠶ ᠠᠩᠭᠢ ᠪᠠᠶᠢᠭᠤᠯᠵᠤ᠂ ᠵᠢᠭᠰᠠᠭᠠᠨ ᠪᠠᠶᠢᠴᠠᠭᠠᠬᠤ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠶᠢᠨ ᠶᠣᠰᠣᠭᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠳᠲᠡᠷ ᠲᠦᠷᠭᠡᠨ ᠥᠷᠨᠢᠭᠦᠯᠵᠦ᠂ ᠵᠢᠭᠰᠠᠭᠠᠨ ᠪᠠᠶᠢᠴᠠᠭᠠᠬᠤ ᠶᠠᠪᠤᠴᠠ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠣᠯᠵᠤ ᠮᠡᠳᠡᠭᠰᠡᠨ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ ᠢ ᠡᠯ᠎ᠡ ᠪᠠᠯᠭᠠᠰᠤ᠂ ᠠᠯᠪᠠᠨ ᠬᠡᠷ ᠪᠠ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠤᠷᠪᠠᠳᠠᠬᠢ ᠡᠲᠡᠭᠡᠳ ᠤᠨ ᠰᠢᠯᠭᠠᠨ ᠲᠣᠭᠲᠠᠭᠠᠬᠤ ᠪᠠᠶᠢᠭᠤᠯᠤᠮᠵᠢ ᠳᠤ ᠨᠠᠶᠢᠳᠠᠵᠤ ᠬᠡᠷ ᠪᠠᠶᠢᠰᠢᠩ ᠤᠨ ᠠᠮᠤᠷ ᠲᠦᠪᠰᠢᠨ ᠤ ᠴᠢᠨᠠᠷ ᠤᠨ ᠰᠢᠯᠭᠠᠨ ᠲᠣᠭᠲᠠᠭᠠᠯᠲᠠ ᠬᠢᠯᠭᠡᠵᠦ᠂ ᠭᠦᠢᠴᠡᠳ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠰᠢᠰᠲ᠋ᠧᠮ ᠲᠠᠢ ᠪᠠᠷ ᠵᠢᠭᠰᠠᠭᠠᠨ ᠪᠠᠶᠢᠴᠠᠭᠠᠨ᠎ᠠ᠃ 2022 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠵᠡᠩᠨᠡᠯᠲᠡ ᠶᠢᠨ ᠴᠢᠨᠠᠷᠲᠠᠶ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ︽ᠵᠠᠭᠤᠨ ᠡᠳᠦᠷ ᠤᠨ ᠪᠤᠭᠤᠮᠲᠠ ᠰᠢᠪᠲᠤᠯᠬᠤ︾ ᠠᠵᠢᠯᠯᠠᠭ᠎ᠠ ᠶᠢ ᠪᠡᠶᠡᠯᠡᠭᠦᠯᠵᠦ᠂ ᠨᠤᠷᠠᠬᠤ ᠠᠶᠤᠯᠲᠠᠶ ᠬᠡᠷ ᠪᠠᠶᠢᠰᠢᠩ ᠳᠤ ᠬᠥᠮᠦᠨ ᠰᠠᠭᠤᠬᠤ ᠥᠬᠡᠶ᠂ ᠬᠥᠮᠦᠨ ᠨᠤᠷᠠᠬᠤ ᠠᠶᠤᠯᠲᠠᠶ ᠬᠡᠷ ᠪᠠᠶᠢᠰᠢᠩ ᠳᠤ ᠣᠷᠣᠬᠤ ᠥᠬᠡᠶ ᠶᠢ ᠪᠠᠲᠤᠯᠠᠵᠤ᠂ ᠠᠮᠤᠷ ᠲᠦᠪᠰᠢᠨ ᠤ ᠬᠡᠮ ᠰᠣᠭᠤᠭ ᠢ ᠲᠦᠢᠯᠪᠤᠷᠢᠲᠠᠶ ᠠᠷᠢᠯᠭᠠᠬᠤ ᠠᠴᠠ ᠡᠮᠦᠨ᠎ᠡ ᠰᠡᠷᠭᠦᠭᠡᠨ ᠬᠡᠷᠡᠭᠯᠡᠬᠦ ᠥᠬᠡᠶ ᠪᠠᠶᠢᠵᠤ᠂ ᠣᠯᠠᠨ ᠬᠥᠮᠦᠨ ᠥᠭᠦᠵᠦ ᠣᠯᠠᠨ ᠬᠥᠮᠦᠨ ᠰᠢᠷᠬᠠᠲᠤᠬᠤ ᠠᠳᠡᠯ ᠭᠠᠷᠬᠤ ᠥᠬᠡᠶ ᠪᠠᠶᠢᠬᠤ ᠬᠢᠵᠠᠭᠠᠷ ᠱᠤᠭᠤᠮ ᠢ ᠴᠢᠩᠭ᠎ᠠ ᠰᠠᠬᠢᠬᠤ ᠬᠡᠷᠡᠭᠲᠡᠶ᠃      3. ᠲᠦᠢᠯᠪᠤᠷᠢᠲᠠᠶ ᠴᠡᠭᠴᠡᠯᠡᠨ ᠵᠠᠰᠠᠬᠤ ᠱᠠᠲᠤ ᠦᠶ᠎ᠡ ︵2022 ᠣᠨ ᠤ 6 ᠳ᠋ᠤᠭᠠᠷ ᠰᠠᠷ᠎ᠠ — 2025 ᠣᠨ ᠤ 5 ᠳ᠋ᠤᠭᠠᠷ ᠰᠠᠷ᠎ᠠ ᠶᠢᠨ ᠰᠡᠭᠦᠯᠴᠢ︶      ᠪᠦᠲᠦᠴᠡ ᠶᠢᠨ ᠴᠢᠨᠠᠷᠲᠠᠶ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠬᠤ ᠶᠢ ᠵᠢᠭᠰᠠᠭᠠᠨ ᠪᠠᠶᠢᠴᠠᠭᠠᠬᠤ ᠪᠠᠷ ᠢᠯᠡᠷᠡᠭᠦᠯᠦᠭᠰᠡᠨ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ ᠢᠶᠠᠷ ᠭᠤᠤᠯᠳᠠᠯᠭ᠎ᠠ ᠪᠣᠯᠭᠠᠨ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠵᠦ᠂ 2025 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠪᠦᠬᠦᠨ ᠢ ᠴᠡᠭᠴᠡᠯᠡᠨ ᠵᠠᠰᠠᠬᠤ ᠶᠢ ᠪᠡᠶᠡᠯᠡᠭᠦᠯᠦᠨ᠎ᠡ᠃      4. ᠪᠠᠬᠢᠵᠢᠭᠦᠯᠦᠨ ᠳᠡᠭᠡᠭᠰᠢᠯᠡᠭᠦᠯᠦᠨ᠎ᠡ ︵ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ︶      ᠭᠤᠷᠪᠠ᠂ ᠲᠥᠰᠦᠯ ᠢ ᠨᠡᠶᠢᠲᠡᠯᠡᠭᠰᠡᠨ ᠠᠴᠢ ᠬᠤᠯᠪᠣᠭᠳᠠᠯ      ᠬᠦᠷᠢᠶ᠎ᠡ ᠴᠠᠷᠠᠭ᠎ᠠ ᠬᠤᠪᠢᠶᠠᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠭᠤᠤᠯᠳᠠᠯᠭ᠎ᠠ ᠲᠠᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ᠂ ᠵᠡᠷᠭᠡ ᠲᠠᠰ ᠬᠤᠪᠢᠶᠠᠨ ᠱᠠᠲᠤᠯᠠᠨ ᠠᠬᠢᠭᠤᠯᠬᠤ ᠶᠢ ᠪᠠᠷᠢᠮᠲᠠᠯᠠᠵᠤ᠂ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠠᠯᠳᠠ ᠬᠡᠮ ᠢ ᠴᠡᠭᠴᠡᠯᠡᠨ ᠵᠠᠰᠠᠬᠤ ᠶᠢ ᠬᠠᠤᠯᠢ ᠲᠣᠭᠲᠠᠭᠠᠯ ᠶᠣᠰᠣᠭᠠᠷ ᠠᠬᠢᠭᠤᠯᠤᠨ᠎ᠠ᠃ ︽ᠵᠠᠭᠤᠨ ᠡᠳᠦᠷ ᠤᠨ ᠠᠵᠢᠯᠯᠠᠭ᠎ᠠ︾ ᠶᠢ ᠳᠤᠭᠤᠶᠢᠯᠠᠩ ᠬᠤᠪᠢᠶᠠᠨ ᠥᠷᠨᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠳᠤ ᠰᠦᠷᠳᠡᠭᠦᠯᠦᠯ ᠪᠣᠯᠬᠤ ᠡᠵᠡᠩᠨᠡᠯᠲᠡ ᠶᠢᠨ ᠴᠢᠨᠠᠷᠲᠠᠶ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ ᠢ ᠲᠦᠷᠭᠡᠨ ᠪᠠᠶᠢᠴᠠᠭᠠᠵᠤ ᠲᠦᠷᠭᠡᠨ ᠥᠭᠡᠷᠡᠴᠢᠯᠡᠵᠦ᠂ ᠲᠡᠷᠡ ᠳᠠᠷᠤᠶ ᠳᠤᠨᠢ ᠪᠠᠶᠢᠴᠠᠭᠠᠵᠤ ᠲᠡᠷᠡ ᠳᠠᠷᠤᠶ ᠳᠤᠨᠢ ᠥᠭᠡᠷᠡᠴᠢᠯᠡᠵᠦ᠂ ᠡᠯ᠎ᠡ ᠵᠦᠢᠯ ᠤᠨ ᠠᠮᠤᠷ ᠲᠦᠪᠰᠢᠨ ᠤ ᠲᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠬᠠᠳᠠᠭᠠᠯᠠᠯᠲᠠ ᠶᠢᠨ ᠬᠡᠮᠵᠢᠶ᠎ᠡ ᠶᠢ ᠰᠢᠩᠭᠡᠭᠡᠬᠦ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠶᠢ ᠪᠠᠷᠢᠮᠲᠠᠯᠠᠨ᠂ 3 ᠵᠢᠯ ᠣᠷᠴᠢᠮ ᠤᠨ ᠴᠠᠭ ᠬᠤᠭᠤᠴᠠᠭ᠎ᠠ ᠶᠢ ᠬᠡᠷᠡᠭᠯᠡᠵᠦ ᠪᠠᠶᠢᠭᠠᠳ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠵᠠᠰᠠᠬᠤ ᠶᠢ ᠪᠡᠶᠡᠯᠡᠭᠦᠯᠬᠦ ᠪᠠᠷ ᠴᠢᠷᠮᠠᠶᠢᠵᠤ᠂ ᠬᠤᠲᠠ ᠬᠥᠳᠡᠭᠡ ᠶᠢᠨ ᠬᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号