ᠲᠥᠪ ᠤᠨ ᠡᠳ᠋ ᠤᠨ ᠵᠠᠰᠠᠭ 3.4 ᠳ᠋ᠦᠩᠰᠢᠭᠤᠷ ᠲᠥᠭᠦᠷᠢᠭ ᠢ ᠤᠷᠢᠳᠴᠢᠯᠠᠨ ᠪᠠᠭᠤᠯᠭᠠᠵᠤ ᠮᠠᠨ ᠤ ᠣᠷᠣᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/1/10
     ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠲᠥᠪ ᠤᠨ ᠡᠳ᠋ ᠤᠨ ᠵᠠᠰᠠᠭ 3.4 ᠳ᠋ᠦᠩᠰᠢᠭᠤᠷ ᠲᠥᠭᠦᠷᠢᠭ ᠤᠨ 2024 ᠣᠨ ᠤ ᠰᠢᠯᠵᠢᠭᠦᠯᠬᠦ ᠲᠥᠯᠥᠪᠦᠷᠢ ᠶᠢᠨ ᠪᠡᠯᠡ ᠮᠥᠩᠭᠦ ᠶᠢ ᠤᠷᠢᠳᠴᠢᠯᠠᠨ ᠪᠠᠭᠤᠯᠭᠠᠵᠤ᠂ ᠮᠠᠨ ᠤ ᠣᠷᠣᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠳᠡᠮᠵᠢᠪᠡ᠃ ᠲᠤᠰ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ᠂ ᠬᠤᠪᠢᠰᠬᠠᠯ ᠤᠨ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠢᠨᠠᠷᠲᠠᠢ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠷᠰᠢᠯᠲᠠ ᠶᠢᠨ ᠲᠦᠰᠦᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠨ᠎ᠡ᠃ ᠣᠳᠣᠬᠠᠨ ᠳᠤ᠂ ᠪᠡᠯᠡ ᠮᠥᠩᠭᠦ ᠶᠢ ᠪᠦᠬᠦᠨ ᠢ ᠨᠢᠭᠡᠨᠲᠡ ᠬᠠᠮᠢᠶ᠎ᠠ ᠪᠦᠬᠦᠢ ᠠᠶᠢᠮᠠᠭ ᠬᠤᠲᠠ ᠨᠤᠭᠤᠳ ᠲᠤ ᠪᠠᠭᠤᠯᠭᠠᠵᠠᠢ᠃      ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠢᠯᠵᠢᠭᠦᠯᠬᠦ ᠲᠥᠯᠥᠪᠦᠷᠢ ᠶᠢᠨ ᠪᠡᠯᠡ ᠮᠦᠩᠭᠦᠨ ᠤ ᠬᠡᠷᠡᠭᠯᠡᠯᠲᠡ ᠬᠠᠮᠢᠶᠠᠷᠤᠯᠲᠠ ᠶᠢ ᠴᠢᠨᠠᠭᠰᠢᠳᠠ ᠤᠯᠠᠮ ᠴᠢᠩᠭᠠᠳᠬᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠬᠥᠭᠵᠢᠯᠲᠡ ᠶᠢᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠤᠰ ᠪᠡᠯᠡ ᠮᠥᠩᠭᠦ ᠶᠢ ︽2024 ᠣᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠢᠯᠵᠢᠭᠦᠯᠬᠦ ᠲᠥᠯᠥᠪᠦᠷᠢ ᠶᠢᠨ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠲᠠᠢ ᠬᠠᠮᠲᠤ ᠪᠠᠭᠤᠯᠭᠠᠭᠠᠳ᠂ ᠪᠡᠯᠡ ᠮᠦᠩᠭᠦᠨ ᠤ ᠬᠤᠪᠢᠶᠠᠷᠢᠯᠠᠯᠲᠠ ᠶᠢᠨ ᠵᠠᠷᠴᠢᠮ ᠢ ᠲᠣᠳᠣᠷᠬᠠᠶᠢᠯᠠᠬᠤ ᠶᠢᠨ ᠵᠡᠷᠭᠡ ᠳᠤ ᠪᠡᠯᠡ ᠮᠦᠩᠭᠦᠨ ᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠳ᠋ᠦᠩ ᠢ ᠪᠡᠯᠡ ᠮᠦᠩᠭᠦᠨ ᠤ ᠬᠤᠪᠢᠶᠠᠷᠢᠯᠠᠯᠲᠠ ᠶᠢ ᠳᠣᠬᠢᠷᠠᠭᠤᠯᠬᠤ ᠬᠦᠴᠦᠨ ᠵᠦᠢᠯ ᠪᠣᠯᠭᠠᠨ ︽ᠰᠢᠯᠢᠳᠡᠭ ᠢ ᠨᠢ ᠱᠠᠩᠨᠠᠨ ᠮᠠᠭᠤ ᠶᠢ ᠨᠢ ᠲᠣᠷᠭᠠᠵᠤ︾᠂ ᠠᠶᠢᠮᠠᠭ ᠬᠤᠲᠠ ᠬᠤᠰᠢᠭᠤ ᠰᠢᠶᠠᠨ ᠤ ᠲᠦᠰᠦᠯ ᠢᠶᠠᠨ ᠰᠠᠶᠢᠲᠤᠷ ᠬᠠᠮᠢᠶᠠᠷᠴᠤ᠂ ᠪᠡᠯᠡ ᠮᠥᠩᠭᠦ ᠪᠠᠨ ᠰᠠᠶᠢᠲᠤᠷ ᠬᠡᠷᠡᠭᠯᠡᠬᠦ ᠶᠢ ᠨᠢ ᠰᠢᠮᠳᠠᠭᠤᠯᠵᠤ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠡᠯᠡ ᠮᠦᠩᠭᠦᠨ ᠤ ᠦᠷ᠎ᠡ ᠠᠰᠢᠭ ᠢ ᠬᠠᠮᠤᠭ ᠤᠨ ᠶᠡᠭᠡ ᠪᠠᠷ ᠪᠠᠳᠠᠷᠠᠭᠤᠯᠬᠤ ᠪᠠᠷ ᠪᠠᠶᠢᠨ᠎ᠠ᠃    
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号