ᠤᠢᠢᠷ᠎ᠠ ᠶᠢᠨ ᠬᠤᠭᠤᠴᠠᠭᠠᠨ ᠳᠤ᠂ ᠴᠠᠭᠠᠨ ᠭᠤᠶᠣᠣ ᠨᠡᠶᠢᠭᠡᠮ ᠲᠣᠭᠤᠷᠢᠭ ᠤᠨ ᠬᠢᠨ ᠭᠤᠣᠯᠳᠠᠯᠭ᠎ᠠ ᠲᠠᠢ | ᠬᠥᠮᠦᠰ ᠤᠨ ᠡᠬᠡ ᠲᠠᠩᠰᠠ ᠶᠢ ᠰᠢᠨ᠎ᠡ ᠪᠠᠷ ᠡᠮᠬᠢᠯᠡᠵᠦ᠂ ᠨᠢᠭᠡ ᠳᠤ ᠨᠢᠭᠡ ᠶᠢᠨ ᠤᠨᠢᠨ ᠳᠡᠭᠡᠷ᠎ᠡ ᠨᠢ ᠦᠢᠯᠡᠴᠢᠯᠡᠭᠡ | ᠬᠠᠩᠭᠠᠬᠤ ᠶᠢ ᠪᠠᠲᠤᠯᠠᠵᠤ᠂ ᠠᠵᠢᠯᠲᠠᠳ ᠢ ᠢᠳᠡᠪᠬᠢᠲᠡᠢ ᠵᠣᠬᠢᠶᠠᠨ ᠪᠠᠶᠢᠭᠤᠯᠵᠤ ᠪᠠᠶᠢᠭᠠᠳ ᠬᠠᠷᠢᠶ᠎ᠠ ᠲᠣᠭᠤᠷᠢᠭ ᠤᠨ | ᠥᠨᠥᠴᠢᠨ ᠪᠡᠯᠪᠡᠰᠦᠨ᠂ ᠭᠡᠷ ᠲᠡᠭᠡᠨ ᠬᠤᠴᠣᠷᠤᠭᠰᠠᠨ ᠨᠠᠰᠤᠲᠠᠨ᠂ ᠵᠡᠮᠳᠡᠭᠴᠦᠳ ᠵᠡᠷᠭᠡ ᠭᠤᠣᠯᠳᠠᠯᠭ᠎ᠠ ᠲᠠᠢ | ᠬᠥᠮᠦᠰ ᠢ ᠡᠷᠦᠭᠡ ᠳᠤ ᠬᠦᠷᠴᠦ ᠰᠤᠷᠪᠤᠯᠵᠢᠯᠠᠬᠤ ᠶᠢ ᠥᠷᠨᠢᠭᠦᠯᠵᠦ᠂ ᠬᠠᠷᠢᠶ᠎ᠠ ᠲᠣᠭᠤᠷᠢᠭ ᠤᠨ ᠤᠯᠠᠨ ᠲᠦᠮᠡᠨ ᠤ | ᠠᠮᠤᠷ ᠲᠦᠪᠰᠢᠨ ᠢᠶᠠᠷ ᠡᠪᠦᠯᠵᠢᠬᠦ ᠶᠢ ᠪᠠᠲᠤᠯᠠᠵᠠᠢ᠃ | | | | | | | ᠰᠤᠷᠪᠤᠯᠵᠢᠯᠠᠬᠤ ᠶᠠᠪᠤᠴᠠ ᠳᠤ᠂ ᠠᠵᠢᠯᠲᠠᠳ ᠭᠤᠤᠯᠳᠠᠯᠭ᠎ᠠ ᠲᠠᠢ ᠬᠥᠮᠦᠰ ᠤᠨ ᠪᠡᠶ᠎ᠡ ᠶᠢᠨ ᠪᠠᠶᠢᠳᠠᠯ ᠵᠢᠴᠢ | ᠡᠪᠦᠯᠵᠢᠬᠦ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠡᠷ ᠪᠦᠯᠢ ᠶᠢᠨ | ᠳᠤᠯᠠᠭᠠᠯᠠᠭ᠎ᠠ ᠶᠢᠨ ᠲᠥᠬᠦᠭᠡᠷᠦᠮᠵᠢ ᠪᠣᠯᠤᠨ ᠬᠡᠶ ᠴᠠᠬᠢᠯᠭᠠᠨ ᠬᠡᠷᠡᠭᠯᠡᠵᠦ ᠪᠠᠶᠢᠭ᠎ᠠ ᠪᠠᠶᠢᠳᠠᠯ ᠳᠤ ᠭᠤᠤᠯᠳᠠᠯᠭ᠎ᠠ ᠲᠠᠢ | ᠪᠠᠶᠢᠴᠠᠭᠠᠯᠲᠠ ᠬᠢᠭᠰᠡᠨ ᠪᠥᠭᠡᠳ ᠵᠥᠪ ᠬᠡᠷᠡᠭᠯᠡᠬᠦ ᠠᠷᠭ᠎ᠠ ᠪᠣᠯᠤᠨ ᠠᠩᠬᠠᠷᠬᠤ ᠵᠦᠢᠯᠡᠰ ᠢ ᠣᠯᠠᠨ ᠲᠦᠮᠡᠨ ᠳᠤ ᠨᠠᠷᠢᠨ | ᠲᠠᠶᠢᠯᠪᠤᠷᠢᠯᠠᠨ ᠥᠭᠴᠦ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠪᠣᠯᠤᠨ ᠥᠪᠡᠷ ᠢ ᠪᠠᠨ ᠰᠡᠷᠭᠡᠶᠢᠯᠡᠬᠦ | ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ | | | | | ᠬᠡᠰᠡᠭ ᠰᠠᠭᠤᠭᠠᠯᠢ ᠠᠷᠠᠳ ᠤᠨ ᠲᠤᠰᠬᠠᠭᠰᠠᠨ ᠳᠤᠯᠠᠭᠠᠯᠠᠭ᠎ᠠ ᠬᠠᠯᠠᠭᠤᠨ ᠦᠭᠡᠶ ᠪᠠᠶᠢᠬᠤ ᠠᠰᠠᠭᠤᠳᠠᠯ ᠳᠤ | ᠴᠢᠭᠯᠡᠭᠦᠯᠦᠨ᠂ ᠨᠡᠶᠢᠭᠡᠮ ᠲᠣᠭᠤᠷᠢᠭ ᠤᠨ ᠬᠢᠨ ᠡᠯ᠎ᠡ ᠵᠦᠢᠯ ᠤᠨ ᠳᠤᠯᠠᠭᠠᠯᠠᠭ᠎ᠠ ᠶᠢᠨ ᠱᠠᠭᠠᠷᠳᠠᠯᠭ᠎ᠠ ᠪᠠ | ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠦ᠂ ᠬᠠᠮᠤᠭ ᠤᠨ ᠲᠡᠷᠢᠭᠦᠨ ᠳᠤ ᠡᠷᠦᠬᠡ ᠳᠤ ᠣᠷᠣᠵᠤ᠂ ᠬᠠᠯᠠᠭᠤᠨ | ᠥᠬᠡᠶ ᠰᠢᠯᠲᠠᠭᠠᠨ ᠢ ᠲᠤᠬᠠᠶ ᠶᠢᠨ ᠭᠠᠵᠠᠷ ᠲᠤᠨᠢ ᠤᠶᠢᠯᠠᠭᠠᠨ᠂ ᠰᠠᠭᠤᠭᠠᠯᠢ ᠠᠷᠠᠳ ᠲᠤ ᠳᠤᠯᠠᠭᠠᠯᠠᠭ᠎ᠠ ᠬᠠᠯᠠᠭᠤᠨ | ᠥᠬᠡᠶ ᠪᠠᠶᠢᠬᠤ ᠶᠢᠨ ᠪᠠᠶᠢᠩᠭᠤ ᠲᠣᠬᠢᠶᠠᠯᠳᠤᠬᠤ ᠠᠰᠠᠭᠤᠳᠠᠯ ᠵᠢᠴᠢ ᠲᠥᠬᠦᠮ ᠰᠢᠢᠳᠪᠦᠷᠢᠯᠡᠬᠦ ᠠᠷᠭ᠎ᠠ ᠶᠢ | ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠤᠨ ᠵᠣᠪᠠᠨᠢᠯ ᠢ ᠴᠠᠭ ᠲᠤᠬᠠᠶ ᠳᠤᠨᠢ ᠰᠢᠢᠳᠪᠦᠷᠢᠯᠡᠬᠦ ᠶᠢᠨ ᠬᠠᠮᠲᠤ᠂ | ᠰᠠᠭᠤᠭᠠᠯᠢ ᠠᠷᠠᠳ ᠤᠨ ᠬᠤᠷᠢᠶᠠᠯᠠᠯ ᠤᠨ ᠢᠯᠴᠢ ᠬᠠᠩᠭᠠᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ | ᠲᠡᠮᠳᠡᠭᠯᠡᠵᠦ᠂ ᠨᠢᠭᠡᠳᠦᠯᠲᠡᠶ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠶᠢᠨ ᠬᠠᠮᠲᠤ ᠢᠯᠴᠢ ᠬᠠᠩᠭᠠᠬᠤ ᠥᠷᠲᠡᠭᠡ ᠶᠢ | ᠢᠳᠡᠪᠬᠢᠲᠡᠶ ᠵᠣᠬᠢᠴᠠᠭᠤᠯᠵᠤ᠂ ᠲᠦᠷᠭᠡᠬᠡᠨ ᠰᠢᠢᠳᠪᠦᠷᠢᠯᠡᠬᠦ ᠶᠢ ᠰᠢᠮᠳᠠᠭᠤᠯᠤᠨ ᠱᠠᠭᠠᠷᠳᠠᠪᠠ᠃ | | | | | ᠳᠠᠷᠠᠭᠠᠴᠢ ᠶᠢᠨ ᠠᠯᠬᠤᠮ ᠳᠤ᠂ ᠱᠢ ᠳ᠋ᠦᠩ ᠵᠡᠭᠡᠯᠢ ᠭᠤᠲᠤᠮᠵᠢ ᠶᠢᠨ ᠴᠠᠭᠠᠨ ᠭᠤᠶᠣᠣ ᠨᠡᠶᠢᠭᠡᠮ | ᠲᠣᠭᠤᠷᠢᠭ ᠤᠨ ᠬᠢᠨ ᠬᠠᠷᠢᠶ᠎ᠠ ᠣᠷᠣᠨ ᠤ ᠪᠠᠨ ᠭᠤᠣᠯᠳᠠᠯᠭ᠎ᠠ ᠲᠠᠢ ᠬᠥᠮᠦᠰ ᠤᠨ ᠠᠮᠢᠳᠤᠷᠠᠯ ᠤᠨ ᠪᠠᠶᠢᠳᠠᠯ ᠢ | ᠦᠷᠭᠦᠯᠵᠢᠯᠡᠨ ᠠᠩᠬᠠᠷᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ | ᠬᠠᠮᠤᠭ ᠠᠴᠠ ᠠᠩᠬᠠᠷᠴᠤ ᠪᠠᠶᠢᠭ᠎ᠠ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠦᠨᠡᠨᠬᠦ ᠪᠣᠳᠠᠲᠠᠢ ᠰᠠᠶᠢᠲᠤᠷ ᠬᠢᠵᠦ᠂ | ᠤᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ᠂ ᠬᠠᠨᠤᠮᠵᠢᠲᠠᠢ ᠪᠠᠷ ᠡᠪᠦᠯᠵᠢᠬᠦ ᠶᠢ ᠪᠠᠲᠤᠯᠠᠨ᠎ᠠ᠃ | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | |