ᠢᠦᠶ ᠴᠢᠤᠸᠠᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠭᠤᠷᠪᠠᠳᠤᠭᠠᠷ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/15
     1 ᠳ᠋ᠤᠭᠡᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠭᠤᠷᠪᠠᠳᠤᠭᠠᠷ ᠪᠥᠬᠦᠳᠡ ᠬᠤᠷᠠᠯ ᠬᠤᠷᠠᠯᠳᠤᠭᠤᠯᠪᠠ᠃
     ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 176 ᠬᠥᠮᠦᠨ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 157 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃
     ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠴᠧᠩ ᠵᠦᠩ ᠵᠦᠩ ᠪᠦᠭᠦᠳᠡ ᠬᠤᠷᠠᠯ ᠢ ᠡᠷᠬᠢᠯᠡᠪᠡ᠃
     ᠬᠤᠷᠠᠯ ᠠᠴᠠ ᠲᠤᠰᠢᠶᠠᠯ ᠠᠴᠠ ᠪᠠᠨ ᠪᠠᠭᠤᠬᠤ ᠶᠢ ᠬᠦᠯᠢᠶᠡᠨ ᠠᠪᠬᠤ ᠲᠤᠬᠠᠢ ᠲᠣᠭᠲᠠᠭᠠᠯ ︵ᠲᠥᠰᠦᠯ︶ ᠢ ᠪᠠᠲᠤᠯᠠᠪᠠ︔ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠰᠠᠨᠠᠭᠤᠯᠭ᠎ᠠ ᠶᠢᠨ ᠨᠡᠷᠡᠰ ᠢ ᠪᠠᠲᠤᠯᠠᠪᠠ᠃      ᠶᠡᠭᠡ ᠬᠤᠷᠠᠯ ᠠᠴᠠ ᠵᠠᠩ ᠵᠢᠶ ᠹᠧᠩ ᠢ ᠢᠦᠶ ᠴᠢᠤᠸᠠᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠵᠤ᠂ ᠸᠠᠩ ᠵᠢᠶᠠᠨ ᠪᠢᠨ᠂ ᠵᠠᠩ ᠮᠠᠨ ᠵᠢᠶᠦ᠋ᠨ᠂ ᠵᠠᠩ ᠳ᠋ᠧ ᠹᠧᠩ᠂ ᠵᠠᠩ ᠢ᠂ ᠬᠤ᠋ ᠳ᠋ᠧ ᠯᠦᠩ᠂ ᠭᠦᠸᠧ ᠢᠦᠢ ᠶᠢ ᠢᠦᠢ ᠴᠢᠤᠸᠠᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠵᠤ᠂ ᠭᠤᠤ ᠹᠸᠢ ᠶᠢ ᠢᠦᠢ ᠴᠢᠤᠸᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠠᠷ ᠰᠣᠩᠭᠤᠵᠤ᠂ ᠬᠤᠷᠠᠯ ᠠᠴᠠ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠥᠭᠴᠦ ᠪᠠᠲᠤᠯᠠᠪᠠ᠃      ᠬᠤᠷᠠᠯ ᠤᠨ ᠲᠠᠷᠠᠭ᠎ᠠ᠂ ᠰᠢᠨ᠎ᠡ ᠪᠠᠷ ᠰᠣᠩᠭᠤᠭᠳᠠᠭᠰᠠᠨ ᠬᠥᠮᠦᠰ ᠦᠨᠳᠦᠰᠦᠨ ᠬᠠᠤᠯᠢ ᠳᠤ ᠲᠠᠩᠭᠠᠷᠢᠭᠯᠠᠪᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号