ᠰᠢᠶᠤᠤ ᠰᠢ ᠵᠢᠶᠧ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ︽ᠠᠯᠪᠠᠨ ᠵᠢᠷᠤᠮ ᠤᠨ ᠡᠮᠴᠢᠯᠡᠭᠡ ᠶᠢ ᠨᠡᠶᠢᠭᠡᠮ ᠲᠣᠭᠤᠷᠢᠭ ᠲᠤ ᠤᠷᠤᠭᠤᠯᠵᠤ ᠳᠣᠲᠣᠨᠣ ᠦᠢᠯᠡᠴᠢᠯᠡᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠬᠤ︾ ᠡᠷᠡᠭᠦᠯ ᠮᠡᠨᠳᠦ ᠶᠢᠨ ᠠᠯᠪᠠᠨ ᠵᠢᠷᠤᠮ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/16
     ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠳᠡᠯᠭᠡ ᠪᠣᠯᠤᠨ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠰᠠᠭᠤᠭᠠᠯᠢ ᠠᠷᠠᠳ ᠤᠨ ᠡᠮ ᠡᠮᠨᠡᠯᠭᠡ ᠡᠷᠡᠭᠦᠯᠵᠢᠯ ᠤᠨ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢᠨ ᠲᠦᠯᠦᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠰᠢᠶᠤᠤ ᠰᠢ ᠵᠢᠶᠧ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠠᠴᠠ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ᠂ ᠬᠤᠸᠠᠩ ᠣᠪᠣᠭᠲᠤ ᠶᠢᠨ ᠠᠮᠠᠨ ᠬᠥᠨᠳᠡᠶ ᠶᠢᠨ ᠡᠮᠴᠢᠯᠡᠭᠡᠨ ᠤ ᠭᠠᠵᠠᠷ ᠵᠢᠴᠢ ᠰᠢᠶᠤᠤ ᠰᠢ ᠵᠢᠶᠧ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠶᠢ ᠤᠷᠢᠵᠤ᠂ ︽ᠠᠯᠪᠠᠨ ᠵᠢᠷᠤᠮ ᠤᠨ ᠡᠮᠴᠢᠯᠡᠭᠡ ᠶᠢ ᠨᠡᠶᠢᠭᠡᠮ ᠲᠣᠭᠤᠷᠢᠭ ᠲᠤ ᠤᠷᠤᠭᠤᠯᠵᠤ ᠳᠣᠲᠣᠨᠣ ᠦᠢᠯᠡᠴᠢᠯᠡᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠬᠤ︾ ᠡᠷᠡᠭᠦᠯ ᠮᠡᠨᠳᠦ ᠶᠢᠨ ᠠᠯᠪᠠᠨ ᠵᠢᠷᠤᠮ ᠤᠨ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠴᠢᠰᠤᠨ ᠳᠠᠷᠤᠯᠲᠠ ᠪᠠ ᠴᠢᠰᠤᠨ ᠰᠢᠬᠢᠷ ᠤᠨ ᠬᠡᠮᠵᠢᠯᠲᠡ᠂ ᠪᠤᠳᠤᠭᠲᠤ ᠬᠡᠲᠦ ᠳᠣᠯᠭᠢᠶᠠᠨ᠂ ᠨᠢᠳᠦᠨ ᠤ ᠡᠷᠡᠭᠦᠯ ᠮᠡᠨᠳᠦ ᠶᠢᠨ ᠪᠠᠶᠢᠴᠠᠭᠠᠯᠲᠠ᠂ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠵᠡᠷᠭᠡ ᠶᠢ ᠬᠠᠩᠭᠠᠪᠠ᠃
     ᠠᠯᠪᠠᠨ ᠵᠢᠷᠤᠮ ᠤᠨ ᠡᠮᠴᠢᠯᠡᠭᠡᠨ ᠤ ᠲᠤᠬᠠᠶ ᠶᠢᠨ ᠲᠠᠯᠠᠪᠤᠷ ᠲᠤ᠂ ᠡᠮᠴᠢ ᠰᠤᠪᠢᠯᠠᠭᠴᠢᠳ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠰᠠᠭᠤᠭᠠᠯᠢ ᠠᠷᠠᠳ ᠨᠢᠭᠡᠪᠦᠷᠢ ᠶᠢᠨ ᠠᠳᠠᠯᠢ ᠪᠤᠰᠤ ᠪᠡᠶ᠎ᠡ ᠶᠢᠨ ᠪᠠᠶᠢᠳᠠᠯ ᠳᠤ ᠴᠢᠭᠯᠡᠭᠦᠯᠦᠨ ᠵᠦᠶ ᠵᠣᠬᠢᠰᠲᠠᠶ ᠰᠠᠨᠠᠭᠤᠯᠭ᠎ᠠ ᠪᠠ ᠡᠷᠡᠭᠦᠯ ᠮᠡᠨᠳᠦ ᠶᠢᠨ ᠵᠢᠯᠣᠭᠤᠳᠣᠯᠭ᠎ᠠ ᠥᠭᠭᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠡᠮᠴᠢ ᠰᠤᠪᠢᠯᠠᠭᠴᠢᠳ ᠪᠠᠰᠠ ᠰᠠᠭᠤᠭᠠᠯᠢ ᠠᠷᠠᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠢ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠬᠤ ᠪᠠᠷ ᠬᠥᠲᠥᠯᠥᠨ ᠵᠢᠯᠣᠭᠤᠳᠴᠠᠶ᠃ ᠡᠭᠦᠨ ᠤ ᠬᠠᠮᠲᠤ ᠪᠠᠰᠠ ᠢᠳᠡᠭᠡᠨ ᠤᠮᠳᠠᠭᠠᠨ ᠢᠶᠠᠨ ᠵᠣᠬᠢᠰᠲᠠᠶ ᠪᠠᠶᠢᠯᠭᠠᠬᠤ᠂ ᠰᠢᠮ᠎ᠡ ᠲᠡᠵᠢᠭᠡᠯ ᠢᠶᠠᠨ ᠲᠡᠩᠴᠡᠭᠦᠷᠢᠲᠡᠶ ᠪᠠᠶᠢᠯᠭᠠᠬᠤ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠰᠠᠭᠤᠭᠠᠯᠢ ᠠᠷᠠᠳ ᠢ ᠢᠯᠡᠭᠦᠬᠡᠨ ᠪᠡᠶ᠎ᠡ ᠶᠢᠨ ᠪᠣᠯᠪᠠᠰᠤᠷᠠᠯ ᠳᠤ ᠣᠷᠣᠯᠴᠠᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠯᠭᠡᠵᠦ᠂ ᠪᠡᠶ᠎ᠡ ᠨᠢ ᠡᠪ ᠦᠭᠡᠢ ᠪᠠᠶᠢᠳᠠᠯ ᠭᠠᠷᠪᠠᠯ ᠡᠷᠲᠡᠬᠡᠨ ᠡᠮᠨᠡᠯᠭᠡ ᠳᠤ ᠬᠦᠷᠴᠦ ᠪᠠᠶᠢᠴᠠᠭᠠᠯᠲᠠ ᠬᠢᠯᠭᠡᠬᠦ ᠶᠢ ᠰᠠᠨᠠᠭᠤᠯᠵᠠᠶ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠰᠢᠶᠤᠤ ᠰᠢ ᠵᠢᠶᠧ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠬᠠᠷᠢᠶ᠎ᠠ ᠲᠣᠭᠤᠷᠢᠭ ᠤᠨ ᠢᠶᠠᠨ ᠰᠠᠭᠤᠭᠠᠯᠢ ᠠᠷᠠᠳ ᠤᠨ ᠪᠣᠳᠠᠲᠤ ᠬᠡᠷᠡᠭᠴᠡᠭᠡ ᠳᠤ ᠰᠠᠭᠤᠷᠢᠯᠠᠵᠤ᠂ ᠡᠷᠡᠭᠦᠯ ᠮᠡᠨᠳᠦ ᠶᠢᠨ ᠡᠮ ᠡᠮᠨᠡᠯᠭᠡ ᠶᠢᠨ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠡᠮ ᠡᠮᠨᠡᠯᠭᠡ ᠶᠢᠨ ᠦᠢᠯᠡᠴᠢᠯᠡᠭᠡ ᠶᠢ ᠡᠮᠬᠢ ᠵᠢᠷᠤᠮ ᠲᠠᠢ ᠪᠠᠷ ᠰᠠᠭᠤᠭᠠᠯᠢ ᠠᠷᠠᠳ ᠤᠨ ︽ᠭᠡᠷ ᠤᠨ ᠡᠭᠦᠳᠡᠨ︾ ᠳᠤ ᠬᠦᠷᠭᠡᠵᠦ᠂ ︽ᠪᠢ ᠰᠠᠭᠤᠭᠠᠯᠢ ᠠᠷᠠᠳ ᠲᠤ ᠪᠣᠳᠠᠲᠤ ᠶᠠᠪᠤᠳᠠᠯ ᠬᠢᠵᠦ ᠥᠭᠬᠦ︾ ᠵᠣᠷᠢᠯᠲᠠ ᠶᠢ ᠦᠢᠯᠡᠳᠦᠯᠭᠡᠵᠢᠭᠦᠯᠵᠦ᠂ ᠰᠠᠭᠤᠭᠠᠯᠢ ᠠᠷᠠᠳ ᠲᠠᠢ ᠡᠷᠡᠭᠦᠯ ᠮᠡᠨᠳᠦ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠵᠦ᠂ ᠦᠨᠳᠦᠰᠦᠨ ᠱᠠᠲᠤᠨ ᠤ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号