ᠡᠪᠦᠯ ᠤᠨ ᠤᠯᠠᠷᠢᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠬᠤᠲᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠢ ᠴᠡᠪᠡᠷ ᠲᠡᠭᠰᠢ᠂ ᠭᠤᠶᠢᠳᠠ ᠰᠠᠶᠢᠬᠠᠨ ᠪᠣᠯᠭᠠᠬᠤ ᠶᠢᠨ ᠲᠥᠯᠥᠭᠡ᠂ ᠲᠦᠷᠦᠭᠦᠬᠡᠨ᠂ ᠢᠦᠶ ᠴᠢᠤᠸᠠᠨ | ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠡᠪᠦᠯ ᠤᠨ ᠤᠯᠠᠷᠢᠯ ᠤᠨ | ᠠᠭᠤᠷ ᠠᠮᠢᠰᠬᠤᠯ ᠤᠨ ᠣᠨᠴᠠᠯᠢᠭ ᠲᠠᠢ ᠤᠶᠠᠯᠳᠤᠭᠤᠯᠤᠨ᠂ ᠠᠵᠢᠯᠯᠠᠬᠤ ᠵᠠᠭᠪᠤᠷ ᠢᠶᠠᠨ ᠰᠢᠯᠢᠳᠡᠭᠵᠢᠭᠦᠯᠵᠦ᠂ ᠡᠭᠦᠷᠭᠡ | ᠪᠠ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠡᠪᠦᠯ ᠤᠨ ᠤᠯᠠᠷᠢᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ | ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠡᠪᠦᠯ ᠤᠨ ᠤᠯᠠᠷᠢᠯ ᠤᠨ ᠬᠤᠲᠠ ᠶᠢᠨ | ᠣᠷᠴᠢᠨ ᠲᠤᠭᠤᠷᠢᠨ ᠪᠠ ᠬᠤᠲᠠ ᠶᠢᠨ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠦᠬᠦ | ᠬᠦᠴᠦᠨ ᠢᠶᠠᠷ ᠢᠶᠠᠨ ᠪᠠᠲᠤᠯᠠᠪᠠ᠃ | | | | | ᠲᠣᠰ ᠤᠳᠠᠭᠠᠨ ᠤ ᠠᠵᠢᠯ ᠳᠤ ᠬᠤᠲᠠ ᠶᠢᠨ ᠲᠣᠭᠤᠷᠢᠭ ᠤᠨ ᠵᠠᠮ ᠤᠨ ᠠᠷᠢᠭᠤᠨ ᠴᠡᠪᠡᠷ ᠤᠨ ᠶᠠᠰᠤ ᠴᠢᠨᠠᠷ ᠢ | ᠳᠡᠭᠡᠭᠰᠢᠯᠡᠭᠦᠯᠬᠦ᠂ ᠲᠣᠰᠬᠤᠨ ᠪᠠᠯᠭᠠᠰᠤ ᠵᠢᠴᠢ ᠵᠠᠮ ᠳᠠᠭᠠᠤ ᠶᠢᠨ ᠪᠠᠭᠤᠷᠠᠶ ᠭᠠᠵᠠᠷ ᠣᠷᠣᠨ ᠢ ᠴᠡᠭᠴᠡᠯᠡᠨ ᠵᠠᠰᠠᠬᠤ᠂ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠡᠷᠴᠢᠮ ᠢ ᠴᠢᠩᠭᠠᠷᠠᠭᠤᠯᠬᠤ᠂ ᠣᠯᠠᠨ ᠨᠡᠶᠢᠲᠡ ᠶᠢᠨ | ᠠᠷᠢᠭᠤᠨ ᠴᠡᠪᠡᠷ ᠤᠨ ᠥᠷᠥᠭᠡ ᠵᠢᠴᠢ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢᠨ | ᠬᠠᠮᠢᠶᠠᠷᠤᠯᠲᠠ ᠶᠢ ᠴᠢᠩᠭᠠᠳᠬᠠᠬᠤ ᠵᠡᠷᠭᠡ ᠳᠥᠷᠪᠡᠨ ᠲᠠᠯ᠎ᠠ ᠪᠠᠷ ᠭᠤᠤᠯᠳᠠᠯᠭ᠎ᠠ ᠲᠠᠢ ᠦᠷᠨᠢᠭᠦᠯᠪᠡ᠃ ᠴᠡᠭᠴᠡᠯᠡᠨ | ᠵᠠᠰᠠᠬᠤ ᠠᠭᠤᠯᠭ᠎ᠠ ᠳᠤ ᠨᠠᠷᠢᠯᠢᠬᠵᠢᠭᠤᠯᠤᠭᠰᠠᠨ ᠠᠵᠢᠯ ᠤᠨ ᠪᠠᠷᠢᠮᠵᠢᠶ᠎ᠠ ᠪᠠ ᠵᠢᠷᠤᠮᠵᠢᠯ ᠢ ᠴᠢᠩᠭ᠎ᠠ | ᠨᠠᠶᠢᠳᠠᠪᠤᠷᠢᠵᠢᠭᠤᠯᠬᠤ᠂ ᠵᠠᠮ ᠤᠨ ᠣᠷᠴᠢᠨ ᠲᠣᠭᠤᠷᠢᠨ ᠢ ᠬᠦᠴᠦᠯᠡᠨ ᠬᠠᠮᠠᠭᠠᠯᠠᠵᠤ᠂ ᠭᠤᠣᠯᠳᠠᠯᠭ᠎ᠠ ᠲᠠᠢ ᠵᠡᠭᠡᠯᠢ | ᠭᠤᠳᠤᠮᠵᠢ ᠶᠢᠨ ᠮᠠᠰᠢᠨᠴᠢᠯᠠᠯᠲᠠ ᠶᠢᠨ ᠲᠣᠭᠤᠷᠢᠨ ᠱᠦᠭᠦᠷᠳᠡᠬᠦ ᠡᠷᠴᠢᠮ ᠪᠣᠯᠤᠨ ᠠᠵᠢᠯᠯᠠᠬᠤ ᠤᠳᠠᠭ᠎ᠠ ᠶᠢ | ᠳᠠᠰᠤᠷᠠᠯᠳᠠ ᠦᠬᠡᠢ ᠴᠢᠩᠭᠠᠳᠬᠠᠵᠤ᠂ ᠭᠤᠣᠯ ᠳᠡᠳ᠋ ᠵᠠᠮ ᠱᠤᠭᠤᠮ᠂ ᠵᠡᠭᠡᠯᠢ ᠭᠤᠳᠤᠮᠵᠢ᠂ ᠳᠦᠬᠦᠮ ᠵᠠᠮ ᠳᠡᠭᠡᠷ᠎ᠡ᠂ | ᠮᠣᠳᠣᠨ ᠤ ᠨᠦᠭᠡ᠂ ᠵᠠᠮ ᠬᠠᠷᠢᠯᠴᠠᠭᠠᠨ ᠤ ᠲᠤᠰᠠᠭᠠᠷᠯᠠᠬᠤ ᠬᠠᠰᠢᠯᠭ᠎ᠠ ᠶᠢᠨ ᠳᠣᠣᠷ᠎ᠠ ᠦᠯᠡᠳᠡᠭᠳᠡᠵᠦ ᠪᠠᠶᠢᠭ᠎ᠠ | ᠬᠤᠷᠠᠭᠰᠠᠨ ᠴᠠᠰᠤ ᠮᠥᠰᠥ ᠶᠢ ᠲᠥᠪᠯᠡᠷᠡᠭᠦᠯᠦᠨ ᠴᠡᠪᠡᠷᠯᠡᠬᠦ ᠪᠠ ᠬᠤᠭ ᠨᠣᠪᠰᠢ᠂ ᠡᠯᠳᠡᠪ ᠪᠤᠳᠠᠰ ᠢ | ᠬᠥᠳᠡᠯᠦᠩᠭᠦᠢ ᠪᠠᠷ ᠴᠡᠪᠡᠷᠯᠡᠬᠦ ᠶᠢ ᠴᠢᠩᠭᠠᠳᠬᠠᠵᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠶᠢᠨ ᠲᠣᠭᠤᠷᠢᠭ ᠤᠨ ᠣᠷᠴᠢᠨ ᠲᠣᠭᠤᠷᠢᠨ ᠤ ᠳᠦᠷᠰᠦ | ᠪᠠᠶᠢᠳᠠᠯ ᠢ ᠵᠡᠷᠭᠡ ᠲᠡᠰ ᠳᠡᠪᠰᠢᠭᠦᠯᠬᠦ ᠶᠢ ᠠᠬᠢᠭᠤᠯᠪᠠ︔ ᠬᠤᠳᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ | ᠴᠡᠪᠡᠷ ᠢ ᠨᠢᠭᠡ ᠴᠤᠭᠴᠠᠵᠢᠭᠤᠯᠬᠤ ᠶᠢ ᠦᠷᠭᠦᠯᠵᠢᠯᠡᠨ ᠬᠡᠷᠡᠭᠵᠢᠭᠦᠯᠵᠦ᠂ ᠭᠤᠤ ᠰᠤᠪᠠᠭ᠂ ᠲᠠᠷᠢᠶᠠᠨ ᠭᠠᠵᠠᠷ᠂ ᠠᠶᠢᠯ | ᠲᠣᠰᠬᠤᠨ ᠤ ᠵᠠᠬ᠎ᠠ ᠬᠢᠵᠠᠭᠠᠷ᠂ ᠲᠣᠰᠬᠤᠨ ᠤ ᠵᠠᠬ᠎ᠠ ᠬᠢᠵᠠᠭᠠᠷ᠂ ᠵᠠᠮ ᠤᠨ ᠬᠠᠵᠠᠭᠤ᠂ ᠤᠢ ᠰᠢᠭᠤᠢ ᠶᠢᠨ ᠳᠣᠲᠣᠷᠠᠬᠢ | ᠡᠯ᠎ᠡ ᠲᠦᠷᠦᠯ ᠤᠨ ᠵᠠᠳᠠᠭᠠᠢ ᠬᠤᠭ ᠨᠣᠪᠰᠢ ᠶᠢ ᠴᠡᠪᠡᠷᠯᠡᠨ ᠠᠷᠢᠯᠭᠠᠵᠤ᠂ ᠬᠥᠳᠡᠭᠡ ᠲᠣᠰᠬᠤᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠪᠠ︔ ᠵᠢᠯ ᠠᠯᠤᠰᠯᠠᠭᠰᠠᠨ ᠰᠥᠨᠢ᠂ ᠰᠢᠨ᠎ᠡ | ᠵᠢᠯ ᠤᠨ ᠰᠢᠨ᠎ᠡ ᠶᠢᠨ ᠨᠢᠭᠡᠨ ᠳᠤ ᠴᠢᠭᠯᠡᠭᠦᠯᠦᠨ᠂ ᠠᠷᠢᠭᠤᠨ ᠴᠡᠪᠡᠷ ᠤᠨ ᠠᠵᠢᠯᠲᠠᠨ ᠪᠠ ᠬᠤᠭ ᠨᠣᠪᠰᠢ ᠶᠢ ᠴᠡᠪᠡᠷᠯᠡᠨ | ᠲᠡᠭᠡᠭᠡᠪᠦᠷᠢᠯᠡᠬᠦ ᠲᠡᠷᠭᠡ ᠬᠥᠰᠬᠡ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠠᠷᠢᠭᠤᠨ ᠴᠡᠪᠡᠷ ᠤᠨ ᠵᠠᠮ | ᠱᠤᠭᠤᠮ ᠢ ᠵᠦᠶ ᠵᠣᠬᠢᠰᠲᠠᠶ ᠳᠣᠭᠢᠷᠠᠭᠤᠯᠤᠨ᠂ ᠬᠤᠭ ᠨᠣᠪᠰᠢ ᠭᠠᠷᠬᠤ ᠬᠡᠮᠵᠢᠶ᠎ᠡ ᠪᠠᠷ ᠨᠡᠯᠢᠶᠡᠳ ᠶᠡᠭᠡ ᠣᠷᠣᠨ | ᠪᠦᠰᠡ ᠶᠢᠨ ᠲᠣᠭᠤᠷᠢᠨ ᠠᠷᠢᠭᠤᠳᠬᠠᠬᠤ ᠤᠳᠠᠭ᠎ᠠ ᠪᠠ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠲᠤᠭ᠎ᠠ ᠶᠢ | ᠨᠡᠮᠡᠭᠳᠡᠭᠦᠯᠵᠦ᠂ ︽ᠡᠳᠦᠷ ᠤᠨ ᠬᠤᠭ ᠨᠤᠪᠰᠢ ᠶᠢ ᠡᠳᠦᠷ ᠲᠤ ᠪᠠᠨ ᠴᠡᠪᠡᠷᠯᠡᠬᠦ︾ ᠶᠢ ᠦᠨᠡᠨᠬᠦ ᠪᠠᠲᠤᠯᠠᠪᠠ︔ ᠣᠯᠠᠨ | ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠪᠠ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡᠨ ᠤ | ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢ ᠴᠢᠩᠭᠠᠳᠬᠠᠵᠤ᠂ ᠬᠥᠮᠦᠨ ᠲᠣᠭᠲᠠᠭᠠᠬᠤ᠂ | ᠠᠵᠢᠯ ᠤᠨ ᠪᠠᠶᠢᠷᠢ ᠲᠣᠭᠲᠠᠭᠠᠬᠤ᠂ ᠴᠠᠭ ᠲᠣᠭᠲᠠᠭᠠᠨ ᠬᠠᠮᠢᠶᠠᠷᠬᠤ ᠶᠢ ᠬᠡᠷᠡᠭᠵᠢᠭᠦᠯᠦᠨ᠂ ᠨᠡᠭᠡᠭᠡᠬᠦ ᠴᠠᠭ ᠢ ᠪᠠᠲᠤᠯᠠᠵᠤ᠂ | ᠬᠡᠷ ᠤᠨ ᠳᠣᠲᠣᠨ᠎ᠠ ᠭᠠᠳᠠᠨᠠᠬᠢ ᠪᠡᠯᠡᠳᠬᠡᠮᠵᠢ ᠶᠢᠨ ᠪᠦᠷᠢᠨ ᠪᠦᠲᠦᠨ᠂ ᠴᠡᠪᠡᠷ ᠲᠡᠭᠰᠢ᠂ ᠡᠷᠦᠶ ᠬᠤᠷᠤᠶ ᠥᠬᠡᠶ᠂ | ᠣᠪᠣᠭᠠᠯᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | | | | | ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ | ᠴᠡᠪᠡᠷ ᠤᠨ ᠦᠢᠯᠡᠴᠢᠯᠡᠭᠡᠨ ᠤ ᠲᠥᠪ ᠦᠷᠭᠦᠯᠵᠢᠯᠡᠨ ︽ᠬᠡᠪ ᠤᠨ ᠪᠠᠶᠢᠳᠠᠯ ᠢ ᠪᠠᠬᠢᠵᠢᠭᠦᠯᠵᠦ᠂ ᠲᠥᠪᠯᠡᠷᠡᠭᠦᠯᠦᠨ | ᠴᠡᠭᠴᠡᠯᠡᠨ ᠵᠠᠰᠠᠬᠤ︾ ᠵᠠᠷᠴᠢᠮ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠂ ᠣᠷᠴᠢᠨ ᠲᠣᠭᠤᠷᠢᠨ ᠤ ᠠᠷᠢᠭᠤᠨ | ᠴᠡᠪᠡᠷ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠠᠷᠢᠭᠤᠨ | ᠴᠡᠪᠡᠷ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠲᠠ ᠶᠢᠨ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |