ᠢᠦᠶ ᠴᠢᠤᠸᠠᠨ ᠲᠣᠭᠤᠷᠢᠭ ᠤᠨ ᠵᠠᠯᠠᠭᠤᠴᠤᠳ ᠪᠠᠭᠠᠴᠤᠳ ᠤᠨ ᠲᠥᠯᠥᠭᠡᠯᠡᠭᠴᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠵᠣᠬᠢᠶᠠᠨ ᠪᠠᠶᠢᠭᠤᠯᠤᠭᠰᠠᠨ ᠡᠪᠦᠯ ᠤᠨ ᠠᠮᠠᠷᠠᠯᠲᠠ ᠶᠢᠨ ᠭᠠᠵᠠᠷ ᠤᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/1/16
     1 ᠳ᠋ᠤᠭᠡᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠭᠤᠣᠯᠯᠠᠨ ᠡᠷᠬᠢᠯᠡᠵᠦ᠂ ᠬᠥᠬᠡᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠷᠳᠤᠰ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠠᠭᠠᠭᠠᠴᠢᠯᠠᠨ ᠡᠷᠬᠢᠯᠡᠭᠰᠡᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠬᠤᠪᠸᠢ ᠳᠤ ᠬᠦᠷᠴᠦ ︽ᠵᠤᠤ ᠵᠢᠶᠦ᠋ᠨ ᠤ ᠨᠤᠲᠤᠭ ᠢᠶᠠᠷ ᠵᠤᠭᠠᠴᠠᠨ ᠵᠤᠤ ᠵᠢᠶᠦ᠋ᠨ ᠤ ᠰᠣᠶᠣᠯ ᠢ ᠣᠶᠢᠯᠠᠭᠠᠬᠤ︾ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠡᠪᠦᠯ ᠤᠨ ᠠᠮᠠᠷᠠᠯᠲᠠ ᠶᠢᠨ ᠭᠠᠵᠠᠷ ᠤᠨ ᠶᠣᠰᠣᠯᠠᠯ ᠵᠤᠤ ᠵᠢᠶᠦ᠋ᠨ ᠮᠦᠽᠧᠢ ᠳᠤ ᠶᠠᠪᠤᠭᠳᠠᠵᠤ᠂ ᠪᠦᠬᠦ ᠣᠷᠣᠨ ᠤ 2024 ᠣᠨ ᠳᠤ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠬᠦ ᠬᠥᠰᠢᠭᠡ ᠶᠢ ᠰᠡᠬᠦᠵᠦ᠂ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ 12 ᠵᠠᠯᠠᠭᠤᠴᠤᠳ ᠪᠠᠭᠠᠴᠤᠳ ᠤᠨ ᠲᠥᠯᠥᠭᠡᠯᠡᠭᠴᠢ ᠲᠤᠰ ᠤᠳᠠᠭ᠎ᠠ ᠶᠢᠨ ᠡᠪᠦᠯ ᠤᠨ ᠠᠮᠠᠷᠠᠯᠲᠠ ᠶᠢᠨ ᠭᠠᠵᠠᠷ ᠤᠨ ᠠᠵᠢᠯᠯᠠᠭ᠎ᠠ ᠳᠤ ᠣᠷᠣᠯᠴᠠᠪᠠ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠧᠩ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᠴᠢᠶᠠᠩ ᠲᠣᠰ ᠠᠵᠢᠯᠯᠠᠭ᠎ᠠ ᠳᠤ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠭᠠᠵᠠᠷ ᠤᠨ ᠳᠠᠷᠤᠭ᠎ᠠ ᠯᠢ ᠿᠢ ᠱᠤ᠋ ᠲᠣᠰ ᠠᠵᠢᠯᠯᠠᠭ᠎ᠠ ᠳᠤ ᠲᠤᠭ ᠣᠯᠭᠤᠵᠤ᠂ ᠬᠥᠬᠡᠬᠤᠲᠠ᠂ ᠣᠷᠳᠣᠰ ᠬᠤᠲᠠ ᠬᠤᠶᠠᠷ ᠭᠠᠵᠠᠷ ᠤᠨ ᠰᠤᠷᠤᠭᠴᠢᠳ ᠤᠨ ᠲᠥᠯᠥᠭᠡᠯᠡᠭᠴᠢᠳ ᠲᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠶ᠃
     ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠡᠪᠦᠯ ᠤᠨ ᠠᠮᠠᠷᠠᠯᠲᠠ ᠶᠢᠨ ᠭᠠᠵᠠᠷ ᠤᠨ ᠪᠦᠬᠦ ᠭᠡᠰᠢᠭᠦᠳ ᠵᠤᠤ ᠵᠢᠶᠦ᠋ᠨ ᠮᠦᠽᠧᠢ ᠶᠢ ᠲᠣᠭᠤᠷᠢᠨ ᠦᠵᠡᠵᠦ᠂ ᠵᠤᠤ ᠵᠢᠶᠦ᠋ᠨ ᠤ ᠰᠣᠶᠣᠯ ᠢ ᠣᠶᠢᠯᠠᠭᠠᠬᠤ ᠠᠶᠠᠨ ᠢᠶᠠᠨ ᠡᠬᠢᠯᠡᠭᠦᠯᠵᠡᠢ᠃ ᠡᠨᠡ ᠤᠳᠠᠭᠠᠨ ᠤ ᠠᠵᠢᠯᠯᠠᠭ᠎ᠠ ᠨᠢ ᠨᠢᠭᠡ ᠭᠠᠷᠠᠭ ᠤᠨ ᠬᠤᠭᠤᠴᠠᠭ᠎ᠠ ᠲᠠᠢ ᠶᠠᠪᠤᠭᠳᠠᠵᠤ᠂ ᠡᠪᠦᠯ ᠤᠨ ᠠᠮᠠᠷᠠᠯᠲᠠ ᠶᠢᠨ ᠭᠠᠵᠠᠷ ᠤᠨ ᠪᠦᠬᠦ ᠭᠡᠰᠢᠭᠦᠳ ᠲᠡᠦᠬᠡ ᠶᠢ ᠬᠦᠨᠳᠦᠳᠬᠡᠵᠦ᠂ ᠵᠣᠣ ᠵᠢᠶᠦ᠋ᠨ ᠤ ᠨᠤᠲᠤᠭ ᠬᠤᠪᠸᠢ ᠮᠤᠵᠢ ᠶᠢᠨ ᠰᠢᠩᠱᠠᠨ ᠰᠢᠶᠠᠨ ᠳᠤ ᠬᠦᠷᠴᠦ᠂ ᠰᠢᠩᠱᠠᠨ ᠰᠢᠶᠠᠨ ᠤ ᠵᠠᠯᠠᠭᠤᠴᠤᠳ ᠪᠠᠭᠠᠴᠤᠳ ᠲᠠᠢ ᠬᠤᠣᠰᠯᠠᠨ᠂ ᠤᠷᠤᠭ ᠪᠤᠯᠤᠯᠴᠠᠨ ᠡᠪᠰᠡᠬᠦ ᠵᠠᠮ ᠢᠶᠠᠷ ᠳᠠᠬᠢᠨ ᠶᠠᠪᠤᠵᠤ᠂ ᠵᠣᠣ ᠵᠢᠶᠦ᠋ᠨ ᠤ ᠰᠡᠳᠬᠢᠯᠭᠡ ᠶᠢ ᠬᠠᠮᠲᠤ ᠪᠠᠷ ᠶᠠᠷᠢᠯᠴᠠᠬᠤ ᠪᠣᠯᠤᠨ᠎ᠠ᠃
     ᠲᠣᠰ ᠤᠳᠠᠭᠠᠨ ᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠳᠤᠷᠠᠳᠤᠭᠰᠠᠨ ︽ᠭᠤᠷᠪᠠᠨ ᠵᠦᠢᠯ ᠤᠨ ᠲᠥᠯᠥᠪᠯᠡᠭᠡ︾ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠢᠦᠶ ᠴᠢᠤᠸᠠᠨ ᠲᠣᠭᠤᠷᠢᠭ ᠨᠢ ᠵᠣᠣ ᠵᠢᠶᠦ᠋ᠨ ᠤ ︽ᠬᠠᠳᠠᠮ ᠤᠨ ᠭᠡᠷ︾ ᠪᠣᠯᠤᠭᠰᠠᠨ ᠤ ᠬᠤᠪᠢ ᠳᠤ᠂ ᠵᠣᠣ ᠵᠢᠶᠦ᠋ᠨ ᠤ ︽ᠲᠥᠷᠬᠦᠮ ᠤᠨ ᠭᠡᠷ︾ ᠪᠣᠯᠬᠤ ᠬᠤᠪᠸᠢ ᠮᠤᠵᠢ ᠶᠢᠨ ᠰᠢᠩᠱᠠᠨ ᠰᠢᠶᠠᠨ ᠲᠠᠢ ᠰᠠᠶᠢᠨ ᠰᠠᠶᠢᠬᠠᠨ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠵᠤ᠂ ᠤᠷᠢᠳ ᠬᠤᠵᠢᠳ ︽ᠠᠨᠠᠷ ᠤᠨ ᠦᠷ᠎ᠡ︾ ᠮᠡᠲᠦ ᠭᠠᠷ ᠭᠠᠷ ᠢᠶᠠᠨ ᠬᠤᠯᠪᠤᠯᠴᠠᠬᠤ᠂ ᠠᠩᠭᠢ ᠶᠢᠨ ᠲᠤᠭ ᠢᠶᠠᠨ ᠥᠨᠳᠥᠷ ᠮᠠᠨᠳᠤᠭᠤᠯᠤᠨ ᠨᠠᠮ ᠢᠶᠠᠨ ᠳᠠᠭᠠᠨ᠎ᠠ — ᠥᠪᠥᠷ ᠮᠣᠩᠭᠤᠯ ᠬᠤᠪᠧᠶ ᠨᠢᠭᠡ ᠬᠡᠷ ᠤᠨ ᠬᠦᠮᠦᠨ ᠮᠡᠲᠦ ᠲᠤᠲᠤᠨᠤ ᠵᠠᠯᠠᠭᠤᠴᠤᠳ ᠪᠠᠭᠠᠴᠤᠳ ᠤᠨ ᠰᠤᠯᠢᠯᠴᠠᠭ᠎ᠠ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 2024 ᠣᠨ ᠤ ᠰᠢᠨ᠎ᠡ ᠵᠢᠯ ᠤᠨ ᠡᠬᠢᠨ ᠳᠤ᠂ ᠢᠦᠶ ᠴᠢᠤᠸᠠᠨ ᠲᠣᠭᠤᠷᠢᠭ ᠤᠨ ᠬᠢᠨ ᠵᠠᠯᠠᠭᠤᠴᠤᠳ ᠪᠠᠭᠠᠴᠤᠳ ᠤᠨ ᠲᠥᠯᠥᠭᠡᠯᠡᠭᠴᠢᠳ ᠤᠨ ᠪᠦᠯᠬᠦᠮ ᠢ ᠵᠣᠬᠢᠶᠠᠨ ᠪᠠᠶᠢᠭᠤᠯᠵᠤ᠂ ᠬᠤᠶᠠᠷ ᠭᠠᠵᠠᠷ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠠᠬᠢᠭᠤᠯᠤᠨ ᠳᠡᠭᠡᠭᠰᠢᠯᠡᠭᠦᠯᠬᠦ ᠨᠢ ᠯᠠᠪᠲᠠᠶ ᠶᠤᠮ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号